ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ ᠵᠣᠯ ᠵᠢᠷᠭᠠᠯ ᠤᠨ ᠰᠠᠭᠤᠷᠢ ᠥᠩᠭᠡ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2024/4/26
    ᠡᠨᠡ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠦᠨᠡᠨᠴᠢ ᠢᠲᠡᠭᠡᠮᠵᠢ ᠶᠢᠨ ᠰᠣᠶᠣᠯ ᠢ ᠶᠡᠭᠡ ᠪᠠᠷ ᠪᠠᠳᠠᠷᠠᠭᠤᠯᠤᠨ᠂ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠪᠠᠬᠢᠵᠢᠭᠦᠯᠵᠦ᠂ ᠬᠥᠳᠡᠭᠡ ᠲᠣᠰᠬᠤᠨ ᠤ ᠵᠣᠯ ᠵᠢᠷᠭᠠᠯ ᠤᠨ ᠰᠠᠭᠤᠷᠢ ᠥᠩᠭᠡ ᠶᠢ ᠨᠢ ᠵᠢᠷᠤᠭᠯᠠᠪᠠ᠃    ᠣᠶᠢᠷ᠎ᠠ ᠳᠤ᠂ ᠰᠤᠷᠪᠤᠯᠵᠢᠯᠠᠭᠴᠢ ᠳᠥᠷᠥᠯᠵᠢ ᠪᠠᠯᠭᠠᠰᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠲᠤ ᠬᠦᠷᠴᠦ ᠣᠯᠵᠤ ᠦᠵᠡᠭᠰᠡᠨ ᠨᠢ᠂ ᠳ᠋ᠧᠯᠰᠦ ᠭᠠᠴᠠᠭᠠᠨ ᠤ ᠠᠷᠠᠳ ᠬᠦᠢ ᠷᠦᠩ ᠶᠠᠭ ᠬᠠᠳᠠᠮ ᠡᠵᠢ ᠪᠠᠨ ᠳᠠᠭᠠᠭᠤᠯᠤᠨ ᠨᠠᠰᠤᠵᠢᠯ ᠤᠨ ᠠᠰᠠᠷᠠᠮᠵᠢ ᠶᠢᠨ ᠬᠢᠷᠢ ᠭᠡᠮ ᠤᠨ ᠭᠡᠷᠡᠴᠢᠯᠡᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠠᠵᠢᠯᠲᠠᠨ ᠤ ᠬᠦᠯᠢᠴᠡᠩᠭᠦᠢ ᠵᠢᠯᠣᠭᠤᠳᠣᠯᠭ᠎ᠠ ᠳᠣᠣᠷ᠎ᠠ᠂ ᠲᠡᠳᠡ ᠮᠠᠰᠢ ᠲᠦᠷᠭᠡᠨ ᠢᠶᠠᠷ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ ᠳᠠᠭᠤᠰᠬᠠᠪᠠ᠃    ᠬᠦᠢ ᠷᠦᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠢᠷᠡᠬᠦ ᠠᠴᠠ ᠡᠮᠦᠨ᠎ᠡ ᠲᠡᠷᠡ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠬᠢᠷᠢ ᠭᠡᠮ ᠤᠨ ᠭᠡᠷᠡᠴᠢᠯᠡᠯ ᠬᠢᠬᠦ ᠳᠤ ᠠᠪᠴᠤ ᠶᠠᠪᠤᠬᠤ ᠮᠠᠲ᠋ᠧᠷᠢᠶᠠᠯ ᠢ ᠤᠲᠠᠰᠤ ᠪᠠᠷ ᠠᠰᠠᠭᠤᠨ ᠯᠠᠪᠯᠠᠵᠤ᠂ ᠠᠵᠢᠯᠲᠠᠳ ᠠᠵᠢᠯ ᠶᠠᠪᠤᠳᠠᠯ ᠭᠦᠢᠴᠡᠳᠬᠡᠬᠦ ᠳᠤ ᠬᠡᠷᠡᠭᠰᠡᠬᠦ ᠮᠠᠲ᠋ᠧᠷᠢᠶᠠᠯ ᠪᠠ ᠶᠠᠪᠤᠴᠠ ᠶᠢ ᠨᠢᠭᠡ ᠯᠡ ᠤᠳᠠᠭ᠎ᠠ ᠳᠡᠭᠡᠷ᠎ᠡ ᠲᠡᠭᠦᠨ ᠳᠤ ᠬᠡᠯᠡᠵᠦ ᠥᠭᠴᠡᠢ᠂ ᠡᠨᠡ ᠨᠢ ᠲᠡᠭᠦᠨ ᠢ ᠪᠠᠭ᠎ᠠ ᠪᠤᠰᠤ ᠶᠠᠷᠰᠢᠭ ᠲᠦᠪᠡᠭ ᠢᠶᠠᠷ ᠠᠷᠪᠢᠯᠠᠵᠤ ᠪᠠᠶᠢᠪᠠ᠃    ᠬᠦᠢ ᠷᠦᠩ ᠬᠡᠯᠡᠬᠦ ᠳᠡᠭᠡᠨ᠄ ︽ᠪᠢ ᠥᠨᠥᠳᠦᠷ ᠳᠥᠷᠥᠯᠵᠢ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠲᠤ ᠢᠷᠡᠵᠦ᠂ ᠬᠠᠳᠠᠮ ᠡᠵᠢ ᠪᠠᠨ ᠳᠠᠭᠠᠭᠤᠯᠤᠨ ᠨᠠᠰᠤᠵᠢᠯ ᠤᠨ ᠠᠰᠠᠷᠠᠮᠵᠢ ᠶᠢᠨ ᠬᠢᠷᠢ ᠭᠡᠮ ᠢ ᠭᠡᠷᠡᠴᠢᠯᠡᠬᠦ ᠲᠤᠬᠠᠶᠢᠯᠠᠭᠰᠠᠨ ᠠᠵᠢᠯ ᠢ ᠡᠷᠬᠢᠯᠡᠵᠦ᠂ ᠠᠵᠢᠯᠲᠠᠨ ᠤ ᠦᠢᠯᠡᠴᠢᠯᠡᠬᠦ ᠣᠪᠣᠷ ᠮᠠᠰᠢ ᠰᠠᠶᠢᠨ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠢᠯᠡ ᠲᠣᠳᠣ᠂ ᠪᠢ ᠮᠠᠰᠢ ᠬᠠᠨᠤᠮᠵᠢᠲᠠᠢ ᠪᠠᠶᠢᠨ᠎ᠠ︾ ᠭᠡᠵᠡᠢ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠨᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠦᠨᠡᠨᠴᠢ ᠢᠲᠡᠭᠡᠮᠵᠢ ᠶᠢᠨ ᠦᠯᠢᠭᠡᠷ ᠳᠠᠭᠤᠷᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠣᠩᠬᠤᠪᠴᠢ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠦᠨᠡᠨᠴᠢ ᠢᠲᠡᠭᠡᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠶᠢ ᠪᠣᠢ ᠪᠣᠯᠭᠠᠵᠤ᠂ ︽ᠨᠢᠭᠡ ᠯᠡ ᠤᠳᠠᠭ᠎ᠠ ᠳᠤ ᠠᠮᠠᠯᠠᠯᠲᠠ ᠶᠢᠨ ᠳᠦᠷᠢᠮ︾᠎ ᠢ ᠦᠶ᠋ᠯᠡᠳᠦᠯᠭᠡᠵᠢᠭᠦᠯᠦᠨ ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ᠂ ᠣᠯᠠᠨ ᠲᠦᠮᠡᠨ ᠤ ᠨᠢᠭᠡᠳᠦᠯᠲᠡᠢ ᠰᠠᠶᠢᠨ ᠦᠨᠡᠯᠡᠯᠲᠡ ᠶᠢ ᠣᠯᠵᠤ᠂ ︽ᠰᠤᠷᠤᠯᠴᠠᠨ ᠢᠲᠡᠭᠡᠬᠦ᠂ ᠤᠶᠢᠯᠠᠭᠠᠨ ᠢᠲᠡᠭᠡᠬᠦ᠂ ᠢᠲᠡᠭᠡᠬᠦ᠂ ᠢᠲᠡᠭᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃    ᠳᠥᠷᠥᠯᠵᠢ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠶᠣᠣ ᠵᠢᠩ ᠵᠢᠶᠧ ᠬᠡᠯᠡᠭᠰᠡᠨ ᠨᠢ᠄ ︽ᠳᠠᠷᠠᠭᠠᠴᠢ ᠶᠢᠨ ᠠᠯᠬᠤᠮ ᠳᠤ᠂ ᠮᠠᠨ ᠤ ᠳᠥᠷᠥᠯᠵᠢ ᠪᠠᠯᠭᠠᠰᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠲᠠᠢ ᠨᠢᠭᠲᠠ ᠤᠶᠠᠯᠳᠤᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠦᠨᠡᠨᠴᠢ ᠢᠲᠡᠭᠡᠮᠵᠢ ᠪᠠᠷ ᠠᠵᠢᠯ ᠬᠢᠵᠦ ᠦᠢᠯᠡᠰ ᠪᠣᠰᠬᠠᠵᠤ᠂ ᠦᠨᠡᠨᠴᠢ ᠢᠲᠡᠭᠡᠮᠵᠢ ᠪᠠᠷ ᠠᠵᠤ ᠠᠬᠤᠶᠢᠯᠠᠯ ᠳᠤ ᠠᠰᠢᠭ ᠬᠦᠷᠲᠡᠭᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠮᠠᠲ᠋ᠧᠷᠢᠶᠠᠯ ᠢ ᠪᠠᠭᠠᠰᠬᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠦᠨᠡᠨᠴᠢ ᠢᠲᠡᠭᠡᠮᠵᠢᠲᠡᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠢ ᠪᠣᠯᠭᠠᠬᠤ ᠳᠤ ᠵᠠᠰᠠᠭ ᠤᠨ ᠣᠷᠳᠣᠨ ᠤ ᠬᠦᠴᠦᠨ ᠴᠢᠳᠠᠯ ᠢᠶᠠᠨ ᠡᠷᠭᠦᠨ᠎ᠡ︾ ᠭᠡᠪᠡ᠃    ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠪᠣᠯ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠮᠥᠨ᠂ ᠬᠠᠤᠯᠢ ᠴᠠᠭᠠᠵᠠ ᠶᠢᠨ ᠡᠷᠬᠡ ᠰᠦᠷᠲᠦ ᠤᠷᠢᠲᠠᠯ ᠮᠥᠨ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣᠨ ᠤ ᠬᠤᠷᠢᠭ᠎ᠠ ᠱᠤᠭᠤᠮ ᠮᠥᠨ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠥᠷᠥᠯᠵᠢ ᠰᠢᠭᠦᠬᠦ ᠲᠢᠩᠬᠢᠮ ᠤᠨ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠠᠵᠢᠯ ᠤᠨ ᠲᠠᠰᠤᠭ ᠲᠤ᠂ ᠵᠢᠭᠡᠯᠡᠯᠭᠡ ᠶᠢᠨ ᠵᠢᠭᠤᠷᠠᠯᠳᠤᠭᠠᠨ ᠤ ᠬᠡᠷᠡᠭ ᠢ ᠬᠦᠯᠢᠶᠡᠨ ᠠᠪᠴᠤ ᠰᠢᠢᠳᠪᠦᠷᠢᠯᠡᠨ᠂ ᠡᠶᠡᠳᠡᠭᠦᠯᠬᠦ ᠶᠠᠪᠤᠴᠠ ᠳᠤ᠂ ᠳᠥᠷᠥᠯᠵᠢ ᠰᠢᠭᠦᠬᠦ ᠲᠢᠩᠬᠢᠮ ᠤᠨ ᠳᠡᠳ᠋ ᠳᠠᠷᠤᠭ᠎ᠠ ᠬᠠᠰᠴᠢᠮᠡᠭ ᠬᠤᠶᠠᠷ ᠲᠠᠯ᠎ᠠ ᠶᠢᠨ ᠬᠦᠰᠡᠯ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠣᠶᠢᠯᠠᠭᠠᠵᠤ᠂ ᠲᠡᠭᠦᠨ ᠢ ᠡᠶᠡᠳᠡᠭᠦᠯᠦᠭᠰᠡᠨ ᠤ ᠳᠠᠷᠠᠭ᠎ᠠ᠂ ᠬᠤᠶᠠᠷ ᠲᠠᠯ᠎ᠠ ᠶᠢᠨ ᠲᠤᠬᠠᠢ ᠶᠢᠨ ᠬᠥᠮᠦᠨ ᠥᠪᠡᠷ ᠤᠨ ᠣᠷᠣᠰᠢᠵᠤ ᠪᠠᠶᠢᠭ᠎ᠠ ᠠᠰᠠᠭᠤᠳᠠᠯ ᠢᠶᠠᠨ ᠬᠠᠷᠢᠯᠴᠠᠨ ᠲᠠᠨᠢᠭᠰᠠᠨ ᠪᠠᠶᠢᠨ᠎ᠠ᠃    ᠰᠢᠨ ᠰᠢᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠴᠠᠩ ᠱᠣ᠋ ᠮᠧᠢ ᠬᠡᠯᠡᠭᠰᠡᠨ ᠨᠢ᠄ ︽ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠨᠢ ᠬᠤᠶᠠᠷ ᠲᠠᠯ᠎ᠠ ᠶᠢᠨ ᠲᠤᠬᠠᠢ ᠶᠢᠨ ᠬᠥᠮᠦᠨ ᠳᠤ ᠮᠠᠰᠢ ᠰᠠᠶᠢᠨ ᠪᠠᠶᠢᠵᠤ᠂ ᠲᠤᠬᠠᠢ ᠶᠢᠨ ᠬᠥᠮᠦᠨ ᠤ ᠵᠠᠷᠭᠤ ᠶᠢᠨ ᠥᠪᠡᠷ ᠤᠨ ᠥᠷᠲᠡᠭ ᠢ ᠬᠥᠩᠭᠡᠷᠡᠭᠦᠯᠬᠦ ᠨᠢ ᠲᠤᠬᠠᠢ ᠶᠢᠨ ᠬᠥᠮᠦᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠠᠰᠢᠭᠲᠠᠢ ᠶᠤᠮ︾᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠰᠢᠭᠦᠬᠦ ᠲᠢᠩᠬᠢᠮ ᠤᠨ ᠳᠡᠳ᠋ ᠳᠠᠷᠤᠭ᠎ᠠ ᠬᠠᠰᠴᠢᠮᠡᠭ᠄ ︽ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠥᠷᠥᠯᠵᠢ ᠰᠢᠭᠦᠬᠦ ᠲᠢᠩᠬᠢᠮ ᠬᠡᠷᠡᠭ ᠤᠨ ᠶᠠᠰᠤ ᠴᠢᠨᠠᠷ ᠦᠷ᠎ᠡ ᠪᠦᠲᠦᠮᠵᠢ ᠪᠠ ᠬᠠᠤᠯᠢ ᠴᠠᠭᠠᠵᠠ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠠᠵᠢᠯ ᠢ ᠰᠠᠶᠢᠲᠤᠷ ᠬᠢᠵᠦ᠂ ᠳᠥᠷᠥᠯᠵᠢ ᠪᠠᠯᠭᠠᠰᠤᠨ ᠤ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠤᠯᠪᠣᠭᠠᠯᠠᠨ ᠡᠶᠡᠳᠡᠭᠦᠯᠵᠦ᠂ ︿ᠪᠠᠭ᠎ᠠ ᠶᠠᠪᠤᠳᠠᠯ ᠢ ᠭᠠᠴᠠᠭ᠎ᠠ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ﹀᠎ ᠶᠢ ᠪᠡᠶᠡᠯᠡᠭᠦᠯᠦᠨ᠎ᠡ᠃ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠪᠡᠯᠡᠳᠬᠡᠯ ᠲᠥᠰᠦᠯ ᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠪᠦᠬᠦ ᠨᠡᠶᠢᠭᠡᠮ ᠤᠨ ᠢᠲᠡᠭᠡᠯ ᠲᠠᠢ ᠪᠠᠶᠢᠬᠤ ᠶᠢ ᠬᠥᠲᠥᠯᠥᠨ ᠵᠢᠯᠣᠭᠤᠳᠴᠤ ᠪᠠᠶᠢᠭᠠᠳ ᠠᠮᠠᠯᠠᠯᠲᠠ ᠪᠠᠨ ᠪᠡᠶᠡᠯᠡᠭᠦᠯᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号