ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/26
    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠨᠠᠮ ᠤᠨ ᠬᠤᠷᠢ᠊ ᠡᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢ᠊ ᠡᠶ᠎ᠡ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢ᠊ ᠡᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢ᠊ ᠡᠶ᠎ᠡ ᠶᠢᠨ ᠳᠡᠳ᠋ ᠱᠦᠵᠢ ᠪᠦᠷᠢᠨᠵᠠᠯᠭᠠᠮᠵᠢ ᠬᠤᠷᠠᠯ ᠢ ᠡᠷᠬᠢᠯᠡᠵᠦ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠢ ᠠᠬᠢᠭᠤᠯᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠬᠤᠷᠠᠯ ᠳᠤ ᠣᠷᠣᠯᠴᠠᠵᠠᠢ᠃    ᠬᠤᠷᠠᠯ ᠠᠴᠠ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠴᠢᠬᠤᠯᠠ ᠠᠭᠤᠯᠭ᠎ᠠ ᠶᠢᠨ ᠨᠢᠭᠡ ᠪᠣᠯᠤᠭᠰᠠᠨ ᠤ ᠬᠤᠪᠢ ᠳᠤ᠂ ᠬᠠᠤᠯᠢ ᠴᠠᠭᠠᠵᠠ ᠶᠢᠨ ᠡᠷᠬᠡ ᠰᠦᠷ ᠢ ᠪᠣᠢ ᠪᠣᠯᠭᠠᠬᠤ ᠶᠢᠨ ᠤᠷᠢᠲᠠᠯ ᠮᠥᠨ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣᠨ ᠤ ᠬᠤᠷᠢᠭ᠎ᠠ ᠱᠤᠭᠤᠮ ᠮᠥᠨ᠃ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠳᠦ ᠳᠤ ᠠᠰᠢᠭᠲᠠᠢ ᠪᠠᠶᠢᠬᠤ ᠦᠢᠯᠡᠳᠦᠯ ᠢ ᠪᠠᠳᠠᠷᠠᠭᠤᠯᠬᠤ ᠪᠠᠷ ᠪᠠᠷᠠᠬᠤ ᠦᠭᠡᠢ ᠪᠠᠰᠠ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠪᠣᠯᠤᠨ᠎ᠠ᠃    ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠰᠲ᠋ᠧᠮ ᠲᠠᠢ ᠠᠬᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠡᠭᠦᠷᠭᠡ ᠶᠢ ᠨᠠᠷᠢᠯᠢᠭᠵᠢᠭᠤᠯᠤᠨ ᠵᠠᠳᠠᠯᠵᠤ᠂ ᠳᠠᠷᠤᠯᠲᠠ ᠶᠢ ᠳᠠᠮᠵᠢᠭᠤᠯᠵᠤ᠂ ᠬᠠᠷᠠᠯᠲᠠ ᠶᠢ ᠴᠢᠩᠭ᠎ᠠ ᠠᠩᠬᠠᠷᠴᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠤᠨ ᠡᠭᠦᠷᠭᠡ ᠪᠠᠨ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠦᠨ᠎ᠡ᠃ ᠭᠤᠷᠪᠠ ᠳᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠨᠵᠡᠭᠡᠶᠢᠷᠡᠭᠦᠯᠬᠦ ᠬᠡᠷᠡᠭᠲᠡᠢ᠃ ᠰᠢᠯᠭᠠᠯᠲᠠ ᠲᠤᠰᠢᠶᠠᠬᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠭᠤᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠲᠤᠷᠰᠢᠯᠭ᠎ᠠ ᠪᠠᠨ ᠳ᠋ᠦᠩᠨᠡᠬᠦ᠂ ᠠᠷᠭ᠎ᠠ ᠬᠢᠳᠡᠯ ᠢᠶᠠᠨ ᠪᠣᠯᠪᠠᠰᠤᠷᠠᠭᠤᠯᠬᠤ ᠶᠢ ᠴᠢᠬᠤᠯᠠᠴᠢᠯᠠᠵᠤ᠂ ᠨᠢᠭᠡ ᠪᠦᠯᠦᠭ ᠶᠠᠰᠤ ᠴᠢᠨᠠᠷ ᠢᠶᠠᠷ ᠥᠨᠳᠥᠷ᠂ ᠦᠷ᠎ᠡ ᠪᠦᠲᠦᠮᠵᠢ ᠪᠠᠷ ᠰᠠᠶᠢᠨ᠂ ᠨᠥᠯᠥᠭᠡᠯᠡᠬᠦ ᠬᠦᠴᠦᠨ ᠲᠠᠢ ᠨᠡᠶᠢᠲᠡᠯᠢᠭ ᠬᠡᠷᠡᠭ ᠤᠨ ᠵᠢᠱᠢᠶ᠎ᠡ ᠶᠢ ᠪᠤᠶᠢᠵᠢᠭᠤᠯᠵᠤ᠂ ᠬᠡᠷᠡᠭ ᠤᠨ ᠵᠢᠱᠢᠶ᠎ᠡ ᠪᠠᠷ ᠬᠠᠤᠯᠢ ᠴᠠᠭᠠᠵᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠳᠥᠷᠪᠡ ᠳᠤ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠢ᠃ ᠣᠯᠠᠨ ᠵᠦᠢᠯ ᠤᠨ ᠬᠡᠯᠪᠡᠷᠢ ᠶᠢ ᠠᠪᠴᠤ᠂ ᠡᠯ᠎ᠡ ᠲᠥᠷᠥᠯ ᠤᠨ ᠵᠠᠭᠤᠴᠢᠯᠠᠭᠤᠷ ᠢ ᠵᠣᠬᠢᠴᠠᠭᠤᠯᠵᠤ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠮᠡᠳᠡᠷᠡᠮᠵᠢ ᠶᠢ ᠴᠢᠷᠮᠠᠶᠢᠨ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢᠲᠡᠢ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠬᠠᠮᠲᠤ ᠪᠠᠷ ᠪᠤᠢ ᠪᠣᠯᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号