ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠨᠠᠮ ᠳᠤ ᠣᠷᠣᠬᠤ ᠢᠳᠡᠪᠬᠢᠲᠡᠨ ᠢ ᠲᠥᠪᠯᠡᠷᠡᠭᠦᠯᠦᠨ ᠪᠣᠯᠪᠠᠰᠤᠷᠠᠭᠤᠯᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/4/26
    ᠪᠦᠬᠦ ᠬᠤᠰᠢᠭᠤᠨ ᠤ ᠨᠠᠮ ᠳᠤ ᠣᠷᠣᠬᠤ ᠢᠳᠡᠪᠬᠢᠲᠡᠨ ᠤ ᠤᠯᠤᠰ ᠲᠥᠷᠥ ᠶᠢᠨ ᠬᠡᠪ ᠴᠢᠨᠠᠷ ᠪᠠ ᠣᠨᠣᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠠᠮ ᠤᠨ ᠭᠡᠰᠢᠭᠦᠨ ᠤ ᠡᠩᠨᠡᠭᠡ ᠶᠢᠨ ︽ᠣᠷᠣᠬᠤ ᠡᠭᠦᠳᠡ︾᠎ ᠶᠢ ᠰᠠᠶᠢᠲᠤᠷ ᠡᠵᠡᠮᠳᠡᠬᠦ ᠶᠢᠨ ᠲᠥᠯᠥᠭᠡ᠂ 4 ᠰᠠᠷ᠎ᠠ ᠶᠢᠨ 23᠎ ᠤ ᠡᠳᠦᠷ ᠠᠴᠠ 25᠎ ᠤ ᠡᠳᠦᠷ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠳᠤ ᠨᠠᠮ ᠳᠤ ᠣᠷᠣᠬᠤ ᠢᠳᠡᠪᠬᠢᠲᠡᠨ ᠢ ᠲᠥᠪᠯᠡᠷᠡᠭᠦᠯᠦᠨ ᠪᠣᠯᠪᠠᠰᠤᠷᠠᠭᠤᠯᠬᠤ ᠠᠩᠭᠢ ᠡᠷᠬᠢᠯᠡᠪᠡ᠃ ᠪᠣᠯᠪᠠᠰᠤᠷᠠᠭᠤᠯᠤᠯ ᠨᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠭᠤᠣᠯ ᠬᠤᠷᠠᠯ ᠤᠨ ᠲᠠᠯᠠᠪᠠᠢ ᠭᠠᠷᠭᠠᠵᠤ᠂ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠨᠢᠭᠡᠴᠡ ᠳᠤ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ᠂ ᠪᠦᠬᠦ ᠬᠤᠰᠢᠭᠤᠨ ᠤ 900 ᠭᠠᠷᠤᠢ ᠨᠠᠮ ᠳᠤ ᠣᠷᠣᠬᠤ ᠢᠳᠡᠪᠬᠢᠲᠡᠨ ᠪᠣᠯᠪᠠᠰᠤᠷᠠᠭᠤᠯᠤᠯ ᠳᠤ ᠣᠷᠣᠯᠴᠠᠵᠠᠢ᠃    ᠪᠣᠯᠪᠠᠰᠤᠷᠠᠭᠤᠯᠤᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠵᠡᠷᠭᠡ ᠠᠭᠤᠯᠭ᠎ᠠ ᠶᠢᠨ ᠲᠣᠭᠤᠷᠢᠨ ᠳᠤ᠂ ᠲᠤᠰᠬᠠᠢ ᠰᠡᠳᠦᠪ ᠢᠶᠠᠷ ᠬᠢᠴᠢᠶᠡᠯ ᠣᠷᠣᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠣᠨᠣᠯ ᠤᠨ ᠰᠢᠯᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠵᠤ᠂ ᠨᠠᠮ ᠳᠤ ᠣᠷᠣᠬᠤ ᠢᠳᠡᠪᠬᠢᠲᠡᠢ ᠬᠤᠪᠢ ᠪᠠᠨ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠤᠨ ᠰᠢᠨ᠎ᠡ ᠶᠢ ᠡᠭᠦᠳᠬᠦ ᠣᠨᠣᠯ ᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠭᠤᠯᠵᠤ᠂ ᠨᠠᠮ ᠳᠤ ᠣᠷᠣᠬᠤ ᠤᠭ ᠰᠠᠨᠠᠭ᠎ᠠ ᠪᠠᠨ ᠲᠥᠪ ᠪᠣᠯᠭᠠᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠪᠠᠨ ᠵᠢᠯᠣᠭᠤᠳᠬᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢᠨ ᠲᠥᠯᠥᠭᠡ ᠶᠤᠮ᠃    ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ᠂ ᠲᠤᠰ ᠤᠳᠠᠭ᠎ᠠ ᠶᠢᠨ ᠪᠣᠯᠪᠠᠰᠤᠷᠠᠯ ᠢᠶᠠᠷ ᠳᠠᠮᠵᠢᠨ᠂ ᠣᠨᠣᠯ ᠤᠨ ᠰᠠᠭᠤᠷᠢ ᠶᠢ ᠤᠯᠠᠮ ᠴᠢᠨᠠᠭᠰᠢᠳᠠ ᠪᠠᠬᠢᠵᠢᠭᠦᠯᠵᠦ᠂ ᠡᠷᠲᠡᠬᠡᠨ ᠨᠠᠮ ᠳᠤ ᠣᠷᠣᠬᠤ ᠢᠲᠡᠭᠡᠯ ᠵᠣᠷᠢᠭ ᠢᠶᠠᠨ ᠪᠠᠲᠤᠳᠬᠠᠵᠤ᠂ ᠬᠤᠶᠢᠰᠢᠳᠠ ᠨᠠᠮᠴᠢ ᠴᠢᠨᠠᠷ ᠤᠨ ᠪᠣᠯᠪᠠᠰᠤᠷᠠᠯ ᠢᠶᠠᠨ ᠦᠷᠭᠦᠯᠵᠢᠯᠡᠨ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠲᠠᠢ ᠢᠳᠡᠪᠬᠢᠲᠡᠢ ᠣᠶᠢᠷᠠᠲᠤᠵᠤ᠂ ᠨᠡᠩ ᠯᠠᠪᠳᠠᠭᠤᠨ ᠪᠠᠲᠤᠲᠠᠢ ᠠᠵᠢᠯ ᠤᠨ ᠰᠤᠷᠲᠠᠯ ᠪᠣᠯᠤᠨ ᠨᠡᠩ ᠴᠤᠭ ᠪᠠᠳᠠᠷᠠᠩᠭᠤᠢ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠠᠵᠢᠯᠯᠠᠵᠤ᠂ ᠡᠷᠲᠡᠬᠡᠨ ᠬᠢᠷᠢ ᠲᠡᠩᠴᠡᠭᠰᠡᠨ ᠡᠪ ᠬᠠᠮᠲᠤ ᠨᠠᠮ ᠤᠨ ᠭᠡᠰᠢᠭᠦᠨ ᠪᠣᠯᠬᠤ ᠪᠠᠷ ᠴᠢᠷᠮᠠᠶᠢᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号