ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ 2024 ᠣᠨ ᠤ ᠬᠤᠶᠠᠳᠤᠭᠠᠷ ᠤᠳᠠᠭᠠᠨ ᠤ ᠪᠦᠭᠦᠳᠡ ᠬᠤᠷᠠᠯ ᠵᠢᠴᠢ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠪᠠ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/26
   4 ᠰᠠᠷ᠎ᠠ ᠶᠢᠨ 24᠎ ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ 2024 ᠣᠨ ᠤ ᠬᠤᠶᠠᠳᠤᠭᠠᠷ ᠤᠳᠠᠭᠠᠨ ᠤ ᠪᠦᠭᠦᠳᠡ ᠬᠤᠷᠠᠯ ᠵᠢᠴᠢ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠪᠠ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ 4 ᠰᠠᠷ᠎ᠠ ᠶᠢᠨ 23᠎ ᠤ ᠡᠳᠦᠷ ᠤᠨ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠵᠢᠴᠢ ᠪᠦᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠪᠠ᠃ ᠡᠯ᠎ᠡ ᠰᠤᠮᠤ ᠪᠠᠯᠭᠠᠰᠤ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ᠂ ᠬᠤᠰᠢᠭᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠯ᠎ᠡ ᠨᠡᠶᠢᠭᠡᠮ ᠲᠣᠭᠤᠷᠢᠭ ᠪᠣᠯᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    ᠬᠤᠷᠠᠯ ᠠᠴᠠ ᠣᠶᠢᠷ᠎ᠠ ᠶᠢᠨ ᠬᠤᠭᠤᠴᠠᠭᠠᠨ ᠳᠤ ᠬᠤᠰᠢᠭᠤᠨ ᠤ ᠳᠣᠲᠣᠷ᠎ᠠ ᠭᠠᠳᠠᠨᠠᠬᠢ ᠠᠶᠤᠯᠭᠦᠢ ᠦᠢᠯᠡᠳᠪᠦᠷᠢᠯᠡᠯ ᠤᠨ ᠠᠳᠠᠯ ᠤᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠬᠢᠵᠠᠭᠠᠷ ᠲᠠᠢ ᠣᠷᠣᠨ ᠵᠠᠢ ᠶᠢᠨ ᠠᠮᠤᠷ ᠲᠦᠪᠰᠢᠨ ᠤ ᠠᠵᠢᠯ ᠤᠨ ᠬᠤᠯᠪᠣᠭᠳᠠᠯ ᠪᠦᠬᠦᠢ ᠰᠠᠭᠤᠷᠢ ᠮᠡᠳᠡᠯᠭᠡ ᠪᠠ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢ ᠨᠠᠷᠢᠨ ᠲᠠᠶᠢᠯᠪᠤᠷᠢᠯᠠᠪᠠ᠃    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ ᠲᠠᠯ᠎ᠠ ᠪᠠᠷ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠪᠠᠭᠤᠷᠠᠢ ᠭᠤᠭᠴᠤᠭ᠎ᠠ ᠪᠣᠯᠤᠨ ᠭᠤᠣᠯᠳᠠᠯᠭ᠎ᠠ ᠲᠠᠢ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠠᠳᠠᠯ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠳᠠᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠠᠵᠤ ᠠᠬᠤᠶᠢᠯᠠᠯ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠯᠭᠡᠵᠦ᠂ ᠰᠠᠨᠠᠭᠠᠴᠢᠯᠠᠭᠠᠲᠤ ᠪᠤᠰᠤ ᠪᠠᠷ ᠠᠷᠭᠠᠴᠠᠭᠠᠬᠤ ᠶᠢ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠰᠡᠷᠭᠡᠶᠢᠯᠡᠬᠦ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠤᠨ ︽ᠨᠠᠳᠠ ᠪᠠᠷ ᠠᠮᠤᠷ ᠲᠦᠪᠰᠢᠨ ᠪᠠᠶᠢᠯᠭᠠᠬᠤ︾᠎ ᠠᠴᠠ ︽ᠪᠢ ᠠᠮᠤᠷ ᠲᠦᠪᠰᠢᠨ ᠪᠠᠶᠢᠬᠤ︾ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠬᠢᠵᠠᠭᠠᠷ ᠲᠠᠢ ᠣᠷᠣᠨ ᠵᠠᠢ ᠶᠢᠨ ᠠᠳᠠᠯ ᠠᠮᠠᠷᠬᠠᠨ ᠡᠭᠦᠰᠬᠦ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠣᠣᠷ ᠲᠠᠲᠠᠬᠤ ᠬᠡᠯᠪᠡᠷᠢ︾᠎ ᠶᠢᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠢᠵᠠᠭᠠᠷ ᠲᠠᠢ ᠣᠷᠣᠨ ᠵᠠᠢ ᠶᠢᠨ ᠠᠵᠢᠯ ᠤᠨ ᠠᠮᠤᠷ ᠲᠦᠪᠰᠢᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠢᠵᠠᠭᠠᠷ ᠲᠠᠢ ᠣᠷᠣᠨ ᠵᠠᠢ ᠶᠢᠨ ᠠᠵᠢᠯ ᠤᠨ ᠠᠳᠠᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠪᠠ ᠪᠠᠭᠠᠰᠬᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠣᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃    ᠬᠤᠷᠠᠯ ᠠᠴᠠ ᠪᠠᠰᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠳᠣᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠪᠠ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ ᠵᠡᠷᠭᠡ ᠠᠵᠢᠯ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠡ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠴᠧᠨ ᠴᠢᠩ ᠬᠤᠸᠠ ᠬᠤᠷᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号