ᠰᠢ ᠶᠢᠨ ᠫᠢᠩ ᠠᠩᠬᠠᠳᠤᠭᠠᠷ ᠬᠤᠭᠤᠴᠠᠭᠠᠨ ᠤ ︽ᠳᠤᠮᠳᠠᠳᠤ ᠤᠯᠤᠰ — ᠯᠠᠲ᠋ᠢᠨ ᠠᠮᠧᠷᠢᠺᠠ ᠪᠤᠯᠤᠨ ᠺᠠᠷᠢᠪᠧ ᠎ ᠶᠢᠨ ᠤᠯᠤᠰ ᠤᠳ ᠤᠨ ᠰᠠᠨᠰᠠᠷ ᠤᠨ ᠠᠶᠠᠯᠠᠯ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ︾᠎ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2024/4/26
   4 ᠰᠠᠷ᠎ᠠ ᠶᠢᠨ 24᠎ ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠩᠬᠠᠳᠤᠭᠠᠷ ᠬᠤᠭᠤᠴᠠᠭᠠᠨ ᠤ ︽ᠳᠤᠮᠳᠠᠳᠤ ᠤᠯᠤᠰ — ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠤᠨ ᠰᠠᠨᠰᠠᠷ ᠤᠨ ᠠᠶᠠᠯᠠᠯ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ︾᠎ ᠳᠤ ᠪᠠᠶᠠᠷ ᠤᠨ ᠵᠠᠬᠢᠳᠠᠯ ᠢᠯᠡᠭᠡᠪᠡ᠃   ᠰᠢ ᠶᠢᠨ ᠫᠢᠩ᠂ ᠡᠨᠡ ᠵᠢᠯ ᠪᠣᠯ ᠮᠢᠨᠦ ᠯᠠᠲ᠋ᠢᠨ ᠠᠮᠧᠷᠢᠺᠠ ᠶᠢᠨ ᠲᠠᠯ᠎ᠠ ᠶᠢᠨ ᠤᠳᠤᠷᠢᠳᠬᠤ ᠬᠦᠮᠦᠰ ᠯᠦᠭᠡ ᠬᠠᠮᠳᠤ ᠪᠠᠷ ᠲᠤᠮᠳᠠᠳᠤ ᠤᠯᠤᠰ — ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠢ ᠲᠤᠩᠬᠠᠬᠯᠠᠬᠰᠠᠨ 10 ᠵᠢᠯ ᠤᠨ ᠤᠢ ᠪᠣᠯᠤᠨ᠎ᠠ᠃ 10 ᠵᠢᠯ ᠤᠨ ᠲᠤᠷᠰᠢ᠂ ᠲᠤᠮᠳᠠᠳᠤ ᠤᠯᠤᠰ — ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠪᠦᠳᠦᠭᠦᠪᠴᠢ ᠲᠦᠰᠦᠪ ᠤᠨ ᠳᠣᠲᠣᠷ᠎ᠠ᠂ ᠳᠤᠮᠳᠠᠳᠤ ᠤᠯᠤᠰ ᠪᠤᠯᠤᠨ ᠯᠠᠲ᠋ᠢᠨ ᠠᠮᠧᠷᠢᠺᠠ ᠶᠢᠨ ᠡᠯ᠎ᠡ ᠬᠦᠷᠢᠶᠡᠨ ᠳᠠᠬᠢ ᠨᠥᠬᠦᠷᠰᠡᠭ ᠬᠠᠮᠲᠤᠷᠠᠯᠴᠠᠭ᠎ᠠ ᠥᠷᠨᠢᠨ ᠬᠥᠭᠵᠢᠵᠦ᠂ ᠳᠤᠮᠳᠠᠳᠤ ᠤᠯᠤᠰ ᠪᠤᠯᠤᠨ ᠯᠠᠲ᠋ᠢᠨ ᠠᠮᠧᠷᠢᠺᠠ ᠶᠢᠨ ᠬᠠᠷᠢᠯᠴᠠᠭ᠎ᠠ ᠶᠢᠨ ᠡᠷᠬᠡ ᠲᠡᠭᠰᠢ᠂ ᠬᠠᠷᠢᠯᠴᠠᠨ ᠠᠰᠢᠭᠲᠠᠢ᠂ ᠰᠢᠨ᠎ᠡ ᠶᠢ ᠡᠭᠦᠳᠬᠦ᠂ ᠨᠡᠭᠡᠭᠡᠯᠲᠡᠲᠡᠢ᠂ ᠠᠷᠠᠳ ᠲᠤ ᠠᠰᠢᠭ ᠬᠦᠷᠲᠡᠭᠡᠬᠦ ᠰᠢᠨ᠎ᠡ ᠴᠠᠭ ᠦᠶ᠎ᠡ ᠳᠤ ᠣᠷᠣᠬᠤ ᠶᠢ ᠠᠬᠢᠭᠤᠯᠪᠠ᠃ ᠤᠢᠢᠷ᠎ᠠ ᠶᠢᠨ ᠵᠢᠯ ᠠᠴᠠ᠂ ᠳᠤᠮᠳᠠᠳᠤ ᠤᠯᠤᠰ ᠪᠤᠯᠤᠨ ᠯᠠᠲ᠋ᠢᠨ ᠠᠮᠧᠷᠢᠺᠠ ᠶᠢᠨ ᠰᠠᠨᠰᠠᠷ ᠤᠨ ᠠᠶᠠᠯᠠᠯ ᠤᠨ ᠬᠠᠮᠲᠤᠷᠠᠯᠴᠠᠭ᠎ᠠ ᠦᠯᠡᠮᠵᠢ ᠶᠡᠭᠡ ᠦᠷ᠎ᠡ ᠪᠦᠲᠦᠭᠡᠯ ᠣᠯᠤᠭᠰᠠᠨ ᠢ ᠪᠢ ᠪᠠᠶᠠᠷ ᠲᠠᠢ ᠪᠠᠷ ᠣᠯᠵᠤ ᠬᠠᠷᠠᠯ᠎ᠠ᠃ ᠬᠤᠶᠠᠷ ᠲᠠᠯ᠎ᠠ ᠪᠠᠷ ᠢᠶᠠᠨ ᠠᠯᠤᠰ ᠰᠡᠷᠡᠯ ᠤᠨ ᠳᠠᠭᠠᠭᠤᠯᠢ ᠤᠳᠤ᠂ ᠴᠢᠮᠡᠭᠡ ᠬᠤᠯᠪᠣᠭᠠᠨ ᠤ ᠳᠠᠭᠠᠭᠤᠯᠢ ᠤᠳᠤ ᠪᠣᠯᠤᠨ ᠦᠨᠳᠦᠷ ᠣᠭᠲᠠᠷᠭᠤᠢ ᠶᠢᠨ ᠰᠠᠨᠰᠠᠷ ᠤᠨ ᠦᠷᠳᠡᠭᠡ ᠶᠢᠨ ᠰᠦᠯᠵᠢᠶ᠎ᠡ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠲᠠᠰᠤᠷᠠᠯᠳᠡ ᠦᠭᠡᠢ ᠰᠢᠨ᠎ᠡ ᠠᠬᠢᠴᠠ ᠲᠠᠢ ᠪᠤᠯᠵᠥ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠠᠪᠰᠢᠯᠳᠠ ᠶᠢ ᠠᠬᠢᠭᠤᠯᠬᠤ᠂ ᠣᠷᠣᠨ ᠪᠦᠰᠡ ᠶᠢᠨ ᠬᠤᠯᠪᠣᠭᠠᠯᠠᠯ ᠢ ᠴᠢᠩᠭᠠᠳᠬᠠᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠤ ᠴᠢᠬᠤᠯᠠ ᠦᠢᠯᠡᠳᠦᠯ ᠦᠵᠡᠭᠦᠯᠪᠡ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠤᠨ ᠺᠠᠷᠢᠪᠤ ᠶᠢᠨ ᠤᠯᠤᠰ ᠤᠳ ᠲᠠᠢ ᠬᠠᠮᠲᠤ ᠪᠠᠷ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠪᠤᠯᠤᠨ ᠯᠠᠲ᠋ᠢᠨ ᠠᠮᠧᠷᠢᠺᠠ ᠶᠢᠨ ᠰᠠᠨᠰᠠᠷ ᠤᠨ ᠠᠶᠠᠯᠠᠯ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢᠶᠠᠷ ᠭᠠᠷᠤᠭ᠎ᠠ ᠪᠣᠯᠭᠠᠵᠤ᠂ ᠥᠨᠳᠥᠷ ᠲᠦᠪᠰᠢᠨ ᠪᠦᠬᠦᠢ ᠳᠤᠮᠳᠠᠳᠤ ᠤᠯᠤᠰ ᠪᠤᠯᠤᠨ ᠯᠠᠲ᠋ᠢᠨ ᠠᠮᠧᠷᠢᠺᠠ ᠶᠢᠨ ᠰᠠᠨᠰᠠᠷ ᠤᠨ ᠠᠶᠠᠯᠠᠯ ᠤᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠰᠠᠨᠰᠠᠷ ᠤᠨ ᠠᠶᠠᠯᠠᠯ ᠤᠨ ᠮᠡᠷᠭᠡᠵᠢᠯ ᠤᠨ ᠬᠤᠶᠠᠷ ᠲᠠᠯ᠎ᠠ ᠶᠢᠨ ᠠᠷᠠᠳ ᠲᠦᠮᠡᠨ ᠳᠤ ᠨᠡᠩ ᠰᠠᠶᠢᠳᠤᠷ ᠠᠰᠢᠭ ᠬᠦᠷᠲᠡᠭᠡᠬᠦ ᠶᠢ ᠠᠬᠢᠭᠤᠯᠵᠤ᠂ ᠳᠤᠮᠳᠠᠳᠤ ᠤᠯᠤᠰ ᠪᠤᠯᠤᠨ ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ ᠭᠡᠵᠦ ᠵᠢᠭᠠᠵᠤ ᠭᠠᠷᠭᠠᠪᠠ᠃   ᠠᠩᠬᠠᠳᠤᠭᠠᠷ ᠬᠤᠭᠤᠴᠠᠭᠠᠨ ᠤ ︽ᠳᠤᠮᠳᠠᠳᠤ ᠤᠯᠤᠰ — ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠤᠨ ᠰᠠᠨᠰᠠᠷ ᠤᠨ ᠠᠶᠠᠯᠠᠯ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ︾ ᠲᠤᠰ ᠡᠳᠦᠷ ᠬᠤᠪᠸᠢ ᠶᠢᠨ ᠦᠬᠠᠨ ᠳᠤ ᠡᠬᠢᠯᠡᠵᠥ᠂ ᠳᠤᠮᠳᠠᠳᠤ ᠤᠯᠤᠰ ᠤᠨ ᠤᠯᠤᠰ ᠤᠨ ᠰᠠᠨᠰᠠᠷ ᠤᠨ ᠠᠶᠠᠯᠠᠯ ᠤᠨ ᠲᠣᠪᠴᠢᠶ᠎ᠠ ᠪᠣᠯᠤᠨ ᠬᠤᠪᠸᠢ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠬᠢᠯᠡᠪᠡ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 24᠎ ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号