4 ᠰᠠᠷ᠎ᠠ ᠶᠢᠨ 24 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠩᠬᠠᠳᠤᠭᠠᠷ ᠬᠤᠭᠤᠴᠠᠭᠠᠨ ᠤ ︽ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠤᠨ ᠰᠠᠨᠰᠠᠷ ᠤᠨ ᠠᠶᠠᠯᠠᠯ ᠤᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ︾ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠡᠨᠡ ᠵᠢᠯ ᠪᠣᠯ ᠮᠢᠨᠦ ᠯᠠᠲ᠋ᠢᠨ ᠠᠮᠧᠷᠢᠺᠠ ᠶᠢᠨ ᠲᠠᠯ᠎ᠠ ᠶᠢᠨ ᠤᠳᠤᠷᠢᠳᠬᠤ ᠬᠦᠮᠦᠰ ᠯᠦᠭᠡ ᠬᠠᠮᠳᠤ ᠪᠠᠷ | ᠲᠤᠮᠳᠠᠳᠤ ᠤᠯᠤᠰ — ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ | ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠢ ᠲᠤᠩᠬᠠᠬᠯᠠᠬᠰᠠᠨ 10 ᠵᠢᠯ ᠤᠨ ᠤᠢ ᠪᠣᠯᠤᠨ᠎ᠠ᠃ 10 ᠵᠢᠯ ᠤᠨ ᠲᠤᠷᠰᠢ᠂ | ᠲᠤᠮᠳᠠᠳᠤ ᠤᠯᠤᠰ — ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ | ᠶᠠᠷᠢᠶᠠᠨ ᠤ ᠲᠠᠪᠴᠠᠩ ᠤᠨ ᠪᠦᠳᠦᠭᠦᠪᠴᠢ ᠲᠦᠰᠦᠪ ᠤᠨ ᠳᠣᠲᠣᠷ᠎ᠠ᠂ ᠳᠤᠮᠳᠠᠳᠤ ᠤᠯᠤᠰ ᠪᠤᠯᠤᠨ ᠯᠠᠲ᠋ᠢᠨ ᠠᠮᠧᠷᠢᠺᠠ ᠶᠢᠨ | ᠡᠯ᠎ᠡ ᠬᠦᠷᠢᠶᠡᠨ ᠳᠠᠬᠢ ᠨᠥᠬᠦᠷᠰᠡᠭ ᠬᠠᠮᠲᠤᠷᠠᠯᠴᠠᠭ᠎ᠠ ᠥᠷᠨᠢᠨ ᠬᠥᠭᠵᠢᠵᠦ᠂ ᠳᠤᠮᠳᠠᠳᠤ ᠤᠯᠤᠰ ᠪᠤᠯᠤᠨ ᠯᠠᠲ᠋ᠢᠨ | ᠠᠮᠧᠷᠢᠺᠠ ᠶᠢᠨ ᠬᠠᠷᠢᠯᠴᠠᠭ᠎ᠠ ᠶᠢᠨ ᠡᠷᠬᠡ ᠲᠡᠭᠰᠢ᠂ ᠬᠠᠷᠢᠯᠴᠠᠨ ᠠᠰᠢᠭᠲᠠᠢ᠂ ᠰᠢᠨ᠎ᠡ ᠶᠢ ᠡᠭᠦᠳᠬᠦ᠂ ᠨᠡᠭᠡᠭᠡᠯᠲᠡᠲᠡᠢ᠂ | ᠠᠷᠠᠳ ᠲᠤ ᠠᠰᠢᠭ ᠬᠦᠷᠲᠡᠭᠡᠬᠦ ᠰᠢᠨ᠎ᠡ ᠴᠠᠭ ᠦᠶ᠎ᠡ ᠳᠤ ᠣᠷᠣᠬᠤ ᠶᠢ ᠠᠬᠢᠭᠤᠯᠪᠠ᠃ ᠤᠢᠢᠷ᠎ᠠ ᠶᠢᠨ ᠵᠢᠯ ᠠᠴᠠ᠂ ᠳᠤᠮᠳᠠᠳᠤ | ᠤᠯᠤᠰ ᠪᠤᠯᠤᠨ ᠯᠠᠲ᠋ᠢᠨ ᠠᠮᠧᠷᠢᠺᠠ ᠶᠢᠨ ᠰᠠᠨᠰᠠᠷ ᠤᠨ ᠠᠶᠠᠯᠠᠯ ᠤᠨ ᠬᠠᠮᠲᠤᠷᠠᠯᠴᠠᠭ᠎ᠠ ᠦᠯᠡᠮᠵᠢ ᠶᠡᠭᠡ ᠦᠷ᠎ᠡ ᠪᠦᠲᠦᠭᠡᠯ | ᠣᠯᠤᠭᠰᠠᠨ ᠢ ᠪᠢ ᠪᠠᠶᠠᠷ ᠲᠠᠢ ᠪᠠᠷ ᠣᠯᠵᠤ ᠬᠠᠷᠠᠯ᠎ᠠ᠃ ᠬᠤᠶᠠᠷ ᠲᠠᠯ᠎ᠠ ᠪᠠᠷ ᠢᠶᠠᠨ ᠠᠯᠤᠰ ᠰᠡᠷᠡᠯ ᠤᠨ ᠳᠠᠭᠠᠭᠤᠯᠢ ᠤᠳᠤ᠂ | ᠴᠢᠮᠡᠭᠡ ᠬᠤᠯᠪᠣᠭᠠᠨ ᠤ ᠳᠠᠭᠠᠭᠤᠯᠢ ᠤᠳᠤ ᠪᠣᠯᠤᠨ ᠦᠨᠳᠦᠷ ᠣᠭᠲᠠᠷᠭᠤᠢ ᠶᠢᠨ ᠰᠠᠨᠰᠠᠷ ᠤᠨ ᠦᠷᠳᠡᠭᠡ ᠶᠢᠨ ᠰᠦᠯᠵᠢᠶ᠎ᠡ | ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠲᠠᠰᠤᠷᠠᠯᠳᠡ ᠦᠭᠡᠢ ᠰᠢᠨ᠎ᠡ ᠠᠬᠢᠴᠠ ᠲᠠᠢ ᠪᠤᠯᠵᠥ᠂ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠲᠠᠪᠰᠢᠯᠳᠠ ᠶᠢ ᠠᠬᠢᠭᠤᠯᠬᠤ᠂ ᠣᠷᠣᠨ ᠪᠦᠰᠡ ᠶᠢᠨ ᠬᠤᠯᠪᠣᠭᠠᠯᠠᠯ ᠢ ᠴᠢᠩᠭᠠᠳᠬᠠᠬᠤ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠤ ᠴᠢᠬᠤᠯᠠ ᠦᠢᠯᠡᠳᠦᠯ ᠦᠵᠡᠭᠦᠯᠪᠡ᠃ ᠳᠤᠮᠳᠠᠳᠤ ᠤᠯᠤᠰ ᠳᠤᠷᠠᠲᠠᠶ᠎ᠠ | ᠯᠠᠲ᠋ᠢᠨ ᠠᠮᠧᠷᠢᠺᠠ ᠪᠣᠯᠤᠨ ᠺᠠᠷᠢᠪᠤ ᠶᠢᠨ ᠤᠯᠤᠰ ᠤᠳ ᠲᠠᠢ ᠬᠠᠮᠲᠤ ᠪᠠᠷ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ | ᠪᠤᠯᠤᠨ ᠯᠠᠲ᠋ᠢᠨ ᠠᠮᠧᠷᠢᠺᠠ ᠶᠢᠨ ᠰᠠᠨᠰᠠᠷ ᠤᠨ ᠠᠶᠠᠯᠠᠯ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢᠶᠠᠷ ᠭᠠᠷᠤᠭ᠎ᠠ | ᠪᠣᠯᠭᠠᠵᠤ᠂ ᠥᠨᠳᠥᠷ ᠲᠦᠪᠰᠢᠨ ᠪᠦᠬᠦᠢ ᠳᠤᠮᠳᠠᠳᠤ ᠤᠯᠤᠰ ᠪᠤᠯᠤᠨ ᠯᠠᠲ᠋ᠢᠨ ᠠᠮᠧᠷᠢᠺᠠ ᠶᠢᠨ ᠰᠠᠨᠰᠠᠷ ᠤᠨ ᠠᠶᠠᠯᠠᠯ ᠤᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠰᠠᠨᠰᠠᠷ ᠤᠨ ᠠᠶᠠᠯᠠᠯ ᠤᠨ ᠮᠡᠷᠭᠡᠵᠢᠯ ᠤᠨ ᠬᠤᠶᠠᠷ | ᠲᠠᠯ᠎ᠠ ᠶᠢᠨ ᠠᠷᠠᠳ ᠲᠦᠮᠡᠨ ᠳᠤ ᠨᠡᠩ ᠰᠠᠶᠢᠳᠤᠷ ᠠᠰᠢᠭ ᠬᠦᠷᠲᠡᠭᠡᠬᠦ ᠶᠢ ᠠᠬᠢᠭᠤᠯᠵᠤ᠂ ᠳᠤᠮᠳᠠᠳᠤ ᠤᠯᠤᠰ ᠪᠤᠯᠤᠨ ᠯᠠᠲ᠋ᠢᠨ | ᠠᠮᠧᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ ᠭᠡᠵᠦ ᠵᠢᠭᠠᠵᠤ | ᠭᠠᠷᠭᠠᠪᠠ᠃ | ᠠᠩᠬᠠᠳᠤᠭᠠᠷ ᠬᠤᠭᠤᠴᠠᠭᠠᠨ ᠤ ︽ᠳᠤᠮᠳᠠᠳᠤ ᠤᠯᠤᠰ — ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠤᠨ | ᠰᠠᠨᠰᠠᠷ ᠤᠨ ᠠᠶᠠᠯᠠᠯ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ︾ ᠲᠤᠰ ᠡᠳᠦᠷ ᠬᠤᠪᠸᠢ ᠶᠢᠨ ᠦᠬᠠᠨ ᠳᠤ ᠡᠬᠢᠯᠡᠵᠥ᠂ | ᠳᠤᠮᠳᠠᠳᠤ ᠤᠯᠤᠰ ᠤᠨ ᠤᠯᠤᠰ ᠤᠨ ᠰᠠᠨᠰᠠᠷ ᠤᠨ ᠠᠶᠠᠯᠠᠯ ᠤᠨ ᠲᠣᠪᠴᠢᠶ᠎ᠠ ᠪᠣᠯᠤᠨ ᠬᠤᠪᠸᠢ ᠮᠤᠵᠢ ᠶᠢᠨ ᠠᠷᠠᠳ ᠤᠨ | ᠵᠠᠰᠠᠭ ᠤᠨ ᠣᠷᠳᠣᠨ ᠬᠠᠮᠲᠤᠷᠠᠨ ᠡᠷᠬᠢᠯᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 24 ᠤ ᠴᠠᠬᠢᠯᠭᠠᠨ ᠮᠡᠳᠡᠭᠡ︶ | |