ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠢᠵᠤ ᠤᠯᠠᠨ ᠲᠦᠮᠡᠨ ᠳᠤ ᠠᠰᠢᠭ ᠬᠦᠷᠳᠡᠭᠡᠨ᠎ᠡ
ᠨᠡᠶᠢᠲᠡᠯᠡᠭᠰᠡᠨ ᠴᠠᠭ᠄
2024/4/28
   ᠠᠵᠤ ᠠᠬᠤᠶᠢᠯᠠᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠰᠢᠨᠵᠢᠯᠡᠬᠦ ᠤᠬᠠᠭᠠᠨᠴᠢ᠂ ᠳᠥᠭᠦᠮ ᠳᠥᠲᠡ᠂ ᠥᠨᠳᠥᠷ ᠪᠦᠲᠦᠮᠵᠢᠲᠡᠢ ᠠᠵᠤ ᠠᠬᠤᠶᠢᠯᠠᠯ ᠡᠷᠬᠢᠯᠡᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠨᠡᠩ ᠰᠠᠶᠢᠨ ᠳᠥᠭᠦᠮ ᠦᠵᠡᠭᠦᠯᠬᠦ ᠪᠠᠷ ᠤᠳᠤᠷᠢᠳᠤᠮᠵᠢ ᠪᠣᠯᠭᠠᠵᠤ᠂ ︽ᠬᠡᠷᠡᠭᠴᠡᠭᠡ ᠱᠠᠭᠠᠷᠳᠠᠯᠭ᠎ᠠ ᠶᠢᠨ ᠮᠠᠶ᠋ᠢᠭ︾᠎ ᠤᠨ ᠦᠢᠯᠡᠴᠢᠯᠡᠭᠡ ᠬᠠᠩᠭᠠᠬᠤ ᠪᠠᠷ ᠵᠣᠷᠢᠯᠲᠠ ᠪᠣᠯᠭᠠᠵᠤ᠂ ᠠᠵᠤ ᠠᠬᠤᠶᠢᠯᠠᠯ ᠳᠤ ᠳᠣᠲᠣᠨᠣ ᠦᠢᠯᠡᠴᠢᠯᠡᠭᠡ ᠬᠠᠩᠭᠠᠪᠠ᠃    ᠣᠶᠢᠷ᠎ᠠ ᠳᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠩᠰᠠᠯᠠᠨ ᠲᠡᠮᠳᠡᠭᠯᠡᠬᠦ ᠲᠠᠰᠤᠭ ᠤᠨ ᠠᠵᠢᠯᠲᠠᠳ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤᠮᠳᠠ ᠮᠠᠨ ᠤ ᠬᠤᠰᠢᠭᠤᠨ ᠳᠤ ᠢᠷᠡᠵᠦ ᠬᠤᠶᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠳᠤ ᠲᠤᠰ ᠲᠤᠰ ︽ᠠᠯᠤᠰ ᠠᠴᠠ ᠵᠢᠯᠣᠭᠤᠳᠬᠤ ᠦᠢᠯᠡᠴᠢᠯᠡᠭᠡ︾ ᠵᠢᠴᠢ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ︾ ᠬᠠᠩᠭᠠᠪᠠ᠃ ᠬᠤᠶᠠᠷ ᠠᠵᠤ ᠠᠬᠤᠶᠢᠯᠠᠯ ᠪᠣᠯ ᠴᠥᠮ ᠭᠠᠳᠠᠷ ᠣᠷᠣᠨ ᠠᠴᠠ ᠮᠠᠨ ᠤ ᠬᠤᠰᠢᠭᠤᠨ ᠳᠤ ᠢᠷᠡᠵᠦ ᠪᠡᠯᠡ ᠣᠷᠣᠭᠤᠯᠤᠭᠰᠠᠨ ᠠᠵᠤ ᠠᠬᠤᠶᠢᠯᠠᠯ ᠮᠥᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠴᠤ ᠲᠤᠰ ᠭᠠᠵᠠᠷ ᠤᠨ ᠬᠥᠮᠦᠨ ᠪᠢᠰᠢ᠂ ᠡᠶᠢᠮᠦᠷᠬᠦ ᠣᠨᠴᠠᠭᠠᠢ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠴᠣᠩᠬᠤᠨ ᠳᠤ ᠬᠦᠷᠦᠭᠰᠡᠨ ᠥᠬᠡᠶ ᠪᠠᠶᠢᠳᠠᠯ ᠳᠣᠣᠷ᠎ᠠ᠂ ᠠᠵᠢᠯᠲᠠᠳ ᠸᠢᠴᠠᠲ ᠢᠶᠠᠷ ᠳᠠᠮᠵᠢᠭᠤᠯᠤᠨ ᠬᠠᠤᠯᠢ ᠶᠢᠨ ᠬᠥᠮᠦᠨ ᠢ ᠵᠢᠯᠣᠭᠤᠳᠤᠨ ᠪᠦᠬᠦ ᠶᠠᠪᠤᠴᠠ ᠳᠤ ᠡᠯᠧᠺᠳ᠋ᠷᠤᠨᠴᠢᠯᠠᠨ ᠲᠠᠭᠯᠠᠵᠤ᠂ ᠠᠵᠤ ᠠᠬᠤᠶᠢᠯᠠᠯ ᠢ ᠨᠢᠭᠡ ᠡᠳᠦᠷ ᠤᠨ ᠳᠣᠲᠣᠷ᠎ᠠ ᠡᠵᠡᠩᠨᠡᠯᠲᠡ ᠶᠢᠨ ᠦᠨᠡᠮᠯᠡᠯ ᠠᠪᠴᠤ ᠪᠠᠶᠢᠨ᠎ᠠ᠃ ᠨᠥᠭᠦᠭᠡ ᠨᠢᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠡᠳᠦ᠋ᠢᠪᠡᠷ ᠴᠣᠩᠬᠤ ᠪᠠᠷ ᠬᠦᠷᠦᠭᠰᠡᠨ ᠪᠣᠯᠪᠠᠴᠤ ᠬᠠᠮᠢᠶ᠎ᠠ ᠪᠦᠬᠦᠢ ᠮᠠᠲ᠋ᠧᠷᠢᠶᠠᠯ ᠢ ᠪᠡᠯᠡᠳᠬᠡᠭᠰᠡᠨ ᠦᠭᠡᠢ ᠪᠥᠭᠡᠳ ᠪᠦᠬᠦ ᠶᠠᠪᠤᠴᠠ ᠳᠤ ᠡᠯᠧᠺᠳ᠋ᠷᠤᠨᠴᠢᠯᠠᠭᠰᠠᠨ ᠠᠵᠢᠯᠯᠠᠬᠤ ᠶᠠᠪᠤᠴᠠ ᠶᠢ ᠴᠤ ᠰᠠᠶᠢᠨ ᠮᠡᠳᠡᠬᠦ ᠦᠭᠡᠢ᠂ ᠠᠵᠤ ᠠᠬᠤᠶᠢᠯᠠᠯ ᠢ ᠬᠠᠪᠰᠤᠷᠤᠨ ᠡᠵᠡᠩᠨᠡᠯᠲᠡ ᠶᠢᠨ ᠦᠨᠡᠮᠯᠡᠯ ᠢ ᠠᠯᠢ ᠲᠦᠷᠭᠡᠨ ᠢᠶᠠᠷ ᠣᠯᠭᠤᠬᠤ ᠶᠢᠨ ᠲᠥᠯᠥᠭᠡ᠂ ᠠᠵᠢᠯᠲᠠᠳ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ︾᠎ ᠶᠢ ᠡᠬᠢᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠪᠦᠬᠦ ᠶᠠᠪᠤᠴᠠ ᠳᠤ ᠡᠯᠧᠺᠳ᠋ᠷᠤᠨᠴᠢᠯᠠᠨ ᠲᠠᠭᠯᠠᠵᠤ᠂ ᠬᠠᠭᠠᠰ ᠡᠳᠦᠷ ᠤᠨ ᠳᠣᠲᠣᠷ᠎ᠠ ᠲᠤᠰ ᠲᠤᠬᠠᠶᠢᠯᠠᠭᠰᠠᠨ ᠠᠵᠢᠯ ᠢ ᠰᠢᠢᠳᠪᠦᠷᠢᠯᠡᠵᠦ ᠳᠠᠭᠤᠰᠬᠠᠪᠠ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠰᠦᠯᠵᠢᠶᠡᠨ ᠳᠡᠭᠡᠷ᠎ᠡ ᠭᠦᠢᠴᠡᠳᠬᠡᠬᠦ︾᠂ ︽ᠲᠠᠨ ᠢ ᠬᠠᠪᠰᠤᠷᠤᠨ ᠭᠦᠢᠴᠡᠳᠬᠡᠬᠦ︾᠂ ︽ᠵᠢᠯᠣᠭᠤᠳᠤᠨ ᠭᠦᠢᠴᠡᠳᠬᠡᠬᠦ︾ ᠵᠡᠷᠭᠡ ᠠᠷᠠᠳ ᠲᠤ ᠳᠥᠭᠦᠮ ᠦᠵᠡᠭᠦᠯᠬᠦ ᠡᠯ᠎ᠡ ᠵᠦᠢᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠨᠡᠩ ᠠᠮᠢᠳᠤᠯᠢᠭ᠂ ᠨᠡᠩ ᠳᠥᠭᠦᠮ ᠳᠥᠲᠡ ᠪᠣᠯᠭᠠᠵᠤ᠂ ᠠᠵᠤ ᠠᠬᠤᠶᠢᠯᠠᠯ ᠳᠤ ᠦᠢᠯᠡᠴᠢᠯᠡᠬᠦ ᠠᠵᠤ ᠠᠬᠤᠶᠢᠯᠠᠯ ᠤᠨ ᠬᠤᠷᠳᠤᠴᠠ ᠶᠢ ᠨᠠᠩ ᠬᠠᠶᠢᠷ᠎ᠠ ᠰᠡᠳᠬᠢᠯᠭᠡ ᠲᠠᠢ ᠪᠣᠯᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号