ᠰᠢ ᠶᠢᠨ ᠫᠢᠩ ᠠᠮᠧᠷᠢᠺᠠ ᠶᠢᠨ ᠲᠦᠷᠦ ᠶᠢᠨ ᠶᠠᠪᠤᠳᠠᠯ ᠤᠨ ᠰᠠᠶᠢᠳ ᠪᠦᠯᠢᠨᠺᠧᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/28
   4 ᠰᠠᠷ᠎ᠠ ᠶᠢᠨ 26᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ ᠲᠦᠷᠦ ᠶᠢᠨ ᠶᠠᠪᠤᠳᠠᠯ ᠤᠨ ᠰᠠᠶᠢᠳ ᠪᠦᠯᠢᠨᠺᠧᠨ ᠲᠠᠢ ᠠᠭᠤᠯᠵᠠᠪᠠ᠃   ᠰᠢ ᠶᠢᠨ ᠫᠢᠩ᠂ ᠡᠨᠡ ᠵᠢᠯ ᠪᠣᠯ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠣᠯᠤᠨ᠎ᠠ ᠃ 45 ᠵᠢᠯ ᠳᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠨᠢ ᠰᠠᠯᠬᠢ ᠪᠣᠷᠣᠭᠠᠨ ᠢ ᠲᠤᠭᠤᠯᠵᠤ᠂ ᠪᠢᠳᠡᠨ ᠳᠤ ᠴᠥᠭᠡᠨ ᠪᠤᠰᠤ ᠴᠢᠬᠤᠯᠠ ᠰᠡᠩᠬᠡᠷᠡᠭᠦᠯᠦᠯ ᠥᠭᠴᠡᠢ᠄ ᠬᠤᠶᠠᠷ ᠤᠯᠤᠰ ᠢᠶᠠᠷ ᠢᠶᠠᠨ ᠬᠠᠨᠢᠲᠠᠨ ᠪᠣᠯᠪᠠᠯ ᠵᠣᠬᠢᠨ᠎ᠠ᠂ ᠬᠠᠷᠢᠨ ᠥᠷᠢᠰᠥᠯᠳᠦᠭᠴᠢ ᠪᠣᠯᠬᠤ ᠪᠢᠰᠢ︔ ᠬᠠᠷᠢᠯᠴᠠᠨ ᠳᠡᠮᠵᠢᠯᠴᠡᠪᠡᠯ ᠵᠤᠬᠢᠨ᠎ᠠ᠂ ᠬᠠᠷᠢᠨ ᠬᠠᠷᠢᠯᠴᠠᠨ ᠰᠢᠷᠬᠠᠯᠠᠭᠤᠯᠬᠤ ᠪᠢᠰᠢ︔ ᠠᠳᠠᠯᠢ ᠲᠠᠯ᠎ᠠ ᠪᠠᠨ ᠡᠷᠢᠵᠦ ᠵᠥᠷᠢᠶ᠎ᠡ ᠪᠠᠨ ᠦᠯᠡᠳᠡᠭᠡᠪᠡᠯ ᠵᠤᠬᠢᠨ᠎ᠠ᠂ ᠬᠠᠷᠢᠨ ᠮᠠᠭᠤ ᠰᠠᠨᠠᠭ᠎ᠠ ᠪᠠᠷ ᠥᠷᠢᠰᠥᠯᠳᠦᠬᠦ ᠪᠢᠰᠢ︔ ᠬᠡᠯᠡᠭᠰᠡᠨ ᠳᠡᠭᠡᠨ ᠬᠦᠷᠪᠡᠯ ᠵᠤᠬᠢᠨ᠎ᠠ᠂ ᠬᠠᠷᠢᠨ ᠬᠡᠯᠡᠬᠦ ᠬᠢᠬᠦ ᠨᠢ ᠨᠢᠭᠡᠳᠦᠯ ᠦᠭᠡᠢ ᠪᠠᠶᠢᠬᠤ ᠪᠢᠰᠢ᠃ ᠪᠢ ᠬᠠᠷᠢᠯᠴᠠᠨ ᠬᠦᠨᠳᠦᠳᠭᠡᠬᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠭᠤᠷᠪᠠᠨ ᠶᠡᠭᠡ ᠵᠠᠷᠴᠢᠮ ᠢ ᠳᠤᠷᠠᠳᠪᠠ᠂ ᠡᠨᠡ ᠨᠢ ᠥᠩᠭᠡᠷᠡᠭᠰᠡᠨ ᠤ ᠲᠤᠷᠰᠢᠯᠭ᠎ᠠ ᠶᠢᠨ ᠳ᠋ᠦᠩᠨᠡᠯᠲᠡ ᠪᠣᠯᠬᠤ ᠪᠥᠭᠡᠳ ᠪᠠᠰᠠ ᠢᠷᠡᠭᠡᠳᠦᠢ ᠳᠤ ᠬᠠᠨᠳᠤᠬᠤ ᠵᠢᠯᠤᠭᠤᠳᠤᠯᠭ᠎ᠠ ᠪᠣᠯᠤᠨ᠎ᠠ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ 3 ᠭᠠᠷᠠᠭ ᠤᠨ ᠡᠮᠦᠨ᠎ᠡ᠂ ᠪᠢ ᠶᠡᠷᠦᠩᠬᠡᠶᠢᠯᠡᠭᠴᠢ ᠪᠠᠶᠢᠳᠧᠨ ᠲᠠᠢ ᠤᠲᠠᠰᠤ ᠪᠠᠷ ᠶᠠᠷᠢᠯᠴᠠᠵᠤ᠂ ᠡᠨᠡ ᠵᠢᠯ ᠤᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠲᠣᠭᠲᠠᠭᠤᠨ ᠢᠶᠠᠷ ᠬᠥᠭᠵᠢᠭᠦᠯᠬᠦ ᠲᠤᠬᠠᠢ ᠪᠣᠳᠣᠯᠬᠢᠯᠠᠯ ᠢᠶᠠᠨ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠡᠶ᠎ᠡ ᠡᠪ ᠢ ᠡᠷᠬᠢᠮᠯᠡᠵᠦ᠂ ᠲᠣᠭᠲᠠᠭᠤᠨ ᠢ ᠴᠢᠬᠤᠯᠠᠴᠢᠯᠠᠵᠤ᠂ ᠢᠲᠡᠭᠡᠮᠵᠢ ᠪᠠᠷ ᠦᠨᠳᠦᠰᠦ ᠪᠣᠯᠭᠠᠪᠠᠯ ᠵᠣᠬᠢᠨ᠎ᠠ ᠭᠡᠵᠦ ᠳᠤᠷᠠᠳᠴᠠᠢ᠃ ᠪᠢ ᠪᠠᠰᠠ ︽ᠠᠤᠭ᠎ᠠ ᠬᠠᠷᠠᠯᠳᠠ ᠪᠠ ᠠᠯᠤᠰ ᠤᠨ ᠬᠠᠷᠠᠴᠠ ᠲᠠᠢ ᠪᠠᠶᠢᠪᠠᠯ ᠰᠠᠶ᠋ᠢ ᠨᠡᠩ ᠲᠤᠭᠳᠠᠭᠤᠨ ᠪᠦᠭᠡᠳ ᠤᠷᠳᠤ ᠬᠤᠭᠤᠴᠠᠭᠠᠨ ᠤ ᠠᠰᠢᠭ ᠲᠤᠰᠠ ᠶᠢ ᠤᠯᠵᠤ ᠴᠢᠳᠠᠮᠤᠢ︾ ᠭᠡᠵᠦ ᠴᠢᠬᠤᠯᠠᠴᠢᠯᠠᠵᠤ ᠥᠩᠭᠡᠷᠡᠭᠰᠡᠨ ᠶᠤᠮ᠃ ᠣᠳᠣᠬᠠᠨ ᠤ ᠳᠡᠯᠡᠬᠡᠢ ᠵᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠲᠤᠯᠭᠠᠷᠠᠵᠤ ᠪᠠᠶᠢᠨ᠎ᠠ᠂ ᠡᠨᠡ ᠬᠦ ᠬᠤᠪᠢᠰᠤᠯᠲᠠ ᠶᠢ ᠬᠡᠷᠬᠢᠨ ᠠᠷᠭᠠᠴᠠᠭᠠᠬᠤ ᠪᠤᠢ ᠭᠡᠳᠡᠭ ᠪᠣᠯ ᠴᠠᠭ ᠦᠶ᠎ᠡ ᠶᠢᠨ ᠠᠰᠠᠭᠤᠯᠲᠠ᠂ ᠳᠡᠯᠡᠬᠡᠢ ᠶᠢᠨ ᠠᠰᠠᠭᠤᠯᠲᠠ ᠪᠣᠯᠤᠨ᠎ᠠ᠃ ᠮᠢᠨᠦ ᠥᠭᠭᠦᠭᠰᠡᠨ ᠬᠠᠷᠢᠭᠤᠯᠲᠠ ᠪᠣᠯ ᠳᠠᠷᠤᠢ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠠᠪᠤᠳᠠᠯ ᠪᠣᠯᠤᠨ᠎ᠠ᠂ ᠡᠨᠡ ᠨᠢ ᠨᠢᠭᠡᠨᠲᠡ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠲᠤᠭ ᠲᠡᠮᠳᠡᠭ ᠪᠣᠯᠤᠭᠰᠠᠨ ᠪᠥᠭᠡᠳ ᠳᠡᠯᠡᠬᠡᠢ ᠶᠢᠨ ᠮᠠᠰᠢ ᠤᠯᠠᠨ ᠤᠯᠤᠰ ᠤᠨ ᠬᠦᠷᠢᠶᠡᠯᠡᠯ ᠢ ᠣᠯᠤᠭᠰᠠᠨ ᠪᠠᠶᠢᠨ᠎ᠠ᠃ ᠳᠡᠯᠡᠬᠡᠶ ᠶᠢᠨ ᠪᠥᠮᠪᠥᠷᠴᠡᠭ ᠡᠳᠦᠢ ᠯᠡ ᠶᠡᠭᠡ᠂ ᠬᠥᠮᠦᠨ ᠲᠥᠷᠥᠯᠬᠢᠲᠡᠨ ᠡᠶᠢᠮᠦ ᠣᠯᠠᠨ ᠬᠠᠮᠲᠤ ᠶᠢᠨ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠳᠤᠮᠳᠠᠳᠤ ᠤᠯᠤᠰ ᠤᠨ ᠡᠷᠲᠡᠨ ᠤ ᠬᠦᠮᠦᠰ ︽ᠬᠠᠳᠠᠭᠤ ᠪᠡᠷᠬᠡᠰᠢᠶᠡᠯ ᠢ ᠬᠠᠮᠳᠤ ᠪᠠᠷ ᠲᠤᠭᠤᠯᠬᠤ︾ ᠭᠡᠵᠦ ᠬᠡᠯᠡᠳᠡᠭ ᠪᠠᠶᠢᠪᠠ᠂ ᠮᠢᠨᠦ ᠦᠵᠡᠬᠦ ᠪᠠᠷ ᠤᠳᠤ ︽ᠪᠦᠬᠦ ᠳᠡᠯᠡᠬᠡᠢ ᠪᠠᠷ ᠢᠶᠠᠨ ᠬᠠᠳᠠᠭᠤ ᠪᠡᠷᠬᠡᠰᠢᠶᠡᠯ ᠢ ᠬᠠᠮᠳᠤ ᠪᠠᠷ ᠲᠤᠭᠤᠯᠬᠤ︾ ᠴᠢᠬᠤᠯᠠᠲᠠᠢ ᠪᠤᠯᠵᠠᠢ᠃ ᠬᠥᠮᠦᠨ ᠲᠥᠷᠥᠯᠬᠢᠲᠡᠨ ᠤ ᠨᠡᠶᠢᠭᠡᠮ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠪᠤᠶᠠᠨ ᠵᠢᠷᠭᠠᠯ ᠢ ᠬᠠᠮᠲᠤ ᠪᠠᠷ ᠡᠳ᠋ᠯᠡᠵᠦ ᠭᠠᠢ ᠭᠠᠮᠰᠢᠭ ᠢ ᠬᠠᠮᠲᠤ ᠪᠠᠷ ᠲᠤᠭᠤᠯᠵᠤ᠂ ᠡᠯ᠎ᠡ ᠤᠯᠤᠰ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ᠂ ᠤᠯᠠᠨ ᠢᠶᠠᠷ ᠢᠶᠠᠨ ᠬᠠᠮᠲᠤ ᠪᠠᠷ ᠠᠰᠢᠭ ᠬᠦᠷᠳᠡᠬᠦ᠂ ᠤᠯᠠᠨ ᠠᠰᠢᠭ ᠬᠦᠷᠳᠡᠬᠦ ᠶᠢᠨ ᠲᠥᠯᠥᠭᠡ ᠬᠠᠮᠤᠭ ᠤᠨ ᠶᠡᠭᠡ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠᠯ ᠵᠣᠬᠢᠨ᠎ᠠ᠃ ᠡᠨᠡ ᠪᠣᠯ ᠳᠤᠮᠳᠠᠳᠤ ᠤᠯᠤᠰ ᠤᠨ ᠳᠡᠯᠡᠬᠡᠢ ᠪᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠦᠵᠡᠬᠦ ᠶᠢᠨ ᠦᠨᠳᠦᠰᠦᠨ ᠡᠭᠦᠰᠦᠯᠲᠡ ᠮᠥᠨ᠃ ᠲᠤᠮᠤ ᠤᠯᠤᠰ ᠨᠢ ᠲᠤᠮᠤ ᠤᠯᠤᠰ ᠤᠨ ᠶᠠᠩᠵᠤ ᠲᠠᠢ ᠪᠠᠶᠢᠪᠠᠯ ᠵᠤᠬᠢᠨ᠎ᠠ᠂ ᠲᠤᠮᠤ ᠤᠯᠤᠰ ᠤᠨ ᠬᠡᠬᠦᠳᠡᠭ ᠴᠡᠭᠡᠵᠢ ᠪᠠ ᠡᠭᠦᠷᠭᠡᠯᠡᠯ ᠲᠠᠢ ᠪᠠᠶᠢᠪᠠᠯ ᠵᠤᠬᠢᠨ᠎ᠠ ᠭᠡᠵᠦ ᠪᠢ ᠢᠮᠠᠭᠲᠠ ᠦᠵᠡᠳᠡᠭ᠃ ᠳᠤᠮᠳᠠᠳᠤ ᠠᠮᠧᠷᠢᠺᠠ ᠬᠤᠶᠠᠷ ᠤᠯᠤᠰ ᠡᠭᠦᠨ ᠳᠤ ᠦᠯᠢᠬᠡᠷ ᠳᠠᠭᠤᠷᠢᠶᠠᠯ ᠦᠵᠡᠭᠦᠯᠵᠦ᠂ ᠳᠡᠯᠡᠬᠡᠢ ᠶᠢᠨ ᠡᠩᠬᠡ ᠲᠠᠶᠢᠪᠤᠩ ᠳᠤ ᠬᠠᠷᠢᠭᠤᠴᠠᠯᠭ᠎ᠠ ᠡᠭᠦᠷᠭᠡᠯᠡᠵᠦ᠂ ᠡᠯ᠎ᠡ ᠤᠯᠤᠰ ᠤᠨ ᠬᠥᠭᠵᠢᠯᠲᠡ ᠳᠤ ᠠᠵᠠ ᠲᠣᠬᠢᠶᠠᠯ ᠡᠭᠦᠳᠴᠦ᠂ ᠪᠦᠬᠦ ᠪᠥᠮᠪᠥᠷᠴᠡᠭ ᠲᠤ ᠤᠯᠠᠨ ᠨᠡᠶᠢᠲᠡ ᠶᠢᠨ ᠦᠢᠯᠡᠳᠭᠦᠨ ᠬᠠᠩᠭᠠᠵᠤ᠂ ᠳᠡᠯᠡᠬᠡᠢ ᠶᠢᠨ ᠪᠦᠯᠬᠦᠮᠳᠡᠯ ᠳᠤ ᠢᠳᠡᠪᠬᠢᠲᠡᠢ ᠦᠢᠯᠡᠳᠦᠯ ᠦᠵᠡᠭᠦᠯᠪᠡᠯ ᠵᠣᠬᠢᠨ᠎ᠠ ᠭᠡᠵᠦ ᠴᠢᠬᠤᠯᠠᠴᠢᠯᠠᠪᠠ᠃   ᠰᠢ ᠶᠢᠨ ᠫᠢᠩ᠂ ᠪᠢ ᠶᠡᠷᠦᠩᠬᠡᠶᠢᠯᠡᠭᠴᠢ ᠪᠠᠶᠢᠳᠧᠨ ᠲᠠᠢ ᠯᠤᠰ ᠠᠩᠵᠤᠯᠤᠰ ᠲᠤ ᠠᠭᠤᠯᠵᠠᠬᠤ ᠳᠠᠭᠠᠨ᠂ ᠵᠥᠪ ᠲᠠᠨᠢᠯᠲᠠ ᠶᠢ ᠬᠠᠮᠲᠤ ᠪᠠᠷ ᠪᠤᠢ ᠪᠣᠯᠭᠠᠬᠤ᠂ ᠵᠥᠷᠢᠯᠳᠦᠭᠡᠨ ᠢᠶᠠᠨ ᠬᠠᠮᠲᠤ ᠪᠠᠷ ᠪᠦᠲᠦᠮᠵᠢᠲᠡᠢ ᠬᠠᠮᠢᠶᠠᠷᠤᠨ ᠡᠵᠡᠮᠳᠡᠬᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠬᠠᠮᠲᠤ ᠪᠠᠷ ᠠᠬᠢᠭᠤᠯᠬᠤ᠂ ᠶᠡᠭᠡ ᠤᠯᠤᠰ ᠤᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠬᠠᠮᠲᠤ ᠪᠠᠷ ᠠᠬᠢᠭᠤᠯᠬᠤ 5 ᠲᠤᠯᠭᠠᠭᠤᠷᠢᠯᠠᠯ ᠢ ᠳᠤᠷᠠᠳᠤᠭᠰᠠᠨ ᠪᠠᠶᠢᠨ᠎ᠠ᠃ ᠡᠨᠡ ᠪᠣᠯ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠨᠡ ᠲᠣᠮᠣ ᠠᠰᠠᠷ ᠤᠨ ᠪᠠᠶᠢᠪᠠᠰᠤ ᠵᠣᠬᠢᠬᠤ ᠳᠥᠷᠪᠡᠨ ᠨᠢᠷᠤᠭᠤ ᠨᠠᠢᠮᠠᠨ ᠲᠤᠯᠭᠠᠭᠤᠷᠢ ᠮᠥᠨ᠃ ᠶᠡᠭᠡ ᠵᠠᠷᠴᠢᠮ ᠢ ᠲᠣᠭᠲᠠᠭᠠᠴᠢᠬᠠᠪᠠᠯ ᠪᠤᠰᠤᠳ ᠠᠰᠠᠭᠤᠳᠠᠯ ᠠᠮᠠᠷᠬᠠᠨ ᠪᠣᠯᠴᠢᠬᠠᠨ᠎ᠠ ᠃ ᠳᠤᠮᠳᠠᠳᠤ ‍ᠤᠮᠤᠰ ᠳᠤᠷᠠᠲᠠᠶ᠎ᠠ ᠬᠠᠮᠲᠤᠷᠠᠨ ᠠᠵᠢᠯᠯᠠᠨ᠎ᠠ᠂ ᠭᠡᠪᠡᠴᠦ ᠬᠠᠮᠲᠤᠷᠠᠨ ᠠᠵᠢᠯᠯᠠᠬᠤ ᠨᠢ ᠬᠤᠤᠰ ᠴᠢᠭᠯᠡᠯ ᠲᠠᠢ ᠪᠠᠶᠢᠪᠠᠯ ᠵᠤᠬᠢᠨ᠎ᠠ᠃ ᠪᠢᠳᠡ ᠥᠷᠢᠰᠥᠯᠳᠦᠭᠡᠨ ᠠᠴᠠ ᠠᠶᠤᠬᠤ ᠦᠭᠡᠢ᠂ ᠭᠡᠪᠡᠴᠦ ᠥᠷᠢᠰᠥᠯᠳᠦᠭᠡᠨ ᠪᠣᠯ ᠬᠠᠮᠲᠤ ᠶᠢᠨ ᠳᠠᠪᠰᠢᠯᠲᠠ ᠪᠠᠶᠢᠪᠠᠯ ᠵᠤᠬᠢᠨ᠎ᠠ᠂ ᠬᠠᠷᠢᠨ ᠦᠯᠦ ᠡᠪᠰᠡᠬᠦ ᠦᠵᠡᠯᠴᠡᠭᠡᠨ ᠪᠢᠰᠢ ᠶᠤᠮ᠃ ᠳᠤᠮᠳᠠᠳᠤ ᠶᠢᠨ ᠲᠠᠯ᠎ᠠ ᠬᠤᠯᠪᠣᠭ᠎ᠠ ᠪᠠᠶᠢᠭᠤᠯᠬᠤ ᠦᠭᠡᠢ ᠪᠠᠶᠢᠬᠤ ᠶᠢ ᠪᠠᠷᠢᠮᠲᠠᠯᠠᠨ᠎ᠠ᠂ ᠠᠮᠧᠷᠢᠺᠠ ᠶᠢᠨ ᠲᠠᠯ᠎ᠠ ᠴᠤ ︽ᠵᠢᠵᠢᠭ ᠪᠦᠯᠬᠦᠮ︾ ᠪᠠᠶᠢᠭᠤᠯᠵᠤ ᠪᠣᠯᠬᠤ ᠦᠭᠡᠢ᠃ ᠬᠤᠶᠠᠷ ᠲᠠᠯ᠎ᠠ ᠪᠠᠷ ᠢᠶᠠᠨ ᠪᠦᠷ ᠥᠪᠡᠷ ᠤᠨ ᠨᠠᠶᠢᠵᠠ ᠪᠠ ᠬᠠᠨᠢᠲᠠᠨ ᠲᠠᠢ ᠪᠠᠶᠢᠵᠤ ᠪᠣᠯᠤᠨ᠎ᠠ᠂ ᠨᠦᠭᠦᠭᠡ ᠡᠲᠡᠭᠡᠳ ᠲᠡᠭᠡᠨ ᠴᠢᠭᠯᠡᠭᠦᠯᠵᠦ ᠪᠣᠯᠬᠤ ᠦᠭᠡᠢ᠂ ᠨᠦᠭᠦᠭᠡ ᠡᠲᠡᠭᠡᠳ ᠢᠶᠠᠨ ᠡᠰᠡᠷᠭᠦᠴᠡᠵᠦ ᠪᠣᠯᠬᠤ ᠦᠭᠡᠢ᠂ ᠨᠦᠭᠦᠭᠡ ᠡᠲᠡᠭᠡᠳ ᠢᠶᠠᠨ ᠬᠤᠬᠢᠷᠠᠭᠤᠯᠵᠤ ᠪᠣᠯᠬᠤ ᠦᠭᠡᠢ᠃ ᠳᠤᠮᠳᠠᠳᠤ ᠶᠢᠨ ᠲᠠᠯ᠎ᠠ ᠨᠢᠭᠡᠨ ᠢᠲᠡᠭᠡᠯ ᠲᠠᠢ ᠨᠡᠭᠡᠭᠡᠯᠲᠡ ᠲᠠᠢ᠂ ᠴᠡᠴᠡᠭᠯᠡᠨ ᠬᠥᠭᠵᠢᠭᠰᠡᠨ ᠠᠮᠧᠷᠢᠺᠠ ᠶᠢ ᠣᠯᠵᠤ ᠬᠠᠷᠠᠬᠤ ᠳᠤᠷᠠᠲᠠᠶ᠂ ᠠᠮᠧᠷᠢᠺᠠ ᠶᠢᠨ ᠲᠠᠯ᠎ᠠ ᠶᠢᠨ ᠬᠢᠨ ᠪᠠᠰᠠ ᠳᠤᠮᠳᠠᠳᠤ ᠤᠯᠤᠰ ᠤᠨ ᠬᠥᠭᠵᠢᠯᠲᠡ ᠳᠤ ᠢᠳᠡᠪᠬᠢᠲᠡᠶ ᠵᠥᠪ ᠢᠶᠠᠷ ᠬᠠᠨᠳᠤᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃   ᠰᠢ ᠶᠢᠨ ᠫᠢᠩ᠂ ᠳᠤᠮᠳᠠᠳᠤ ᠤᠯᠤᠰ ᠲᠤ ︽ᠤᠷᠤᠭᠰᠢᠯᠠᠬᠤ ᠦᠭᠡᠢ ᠪᠣᠯ ᠤᠬᠤᠷᠢᠨ᠎ᠠ︾ ᠭᠡᠳᠡᠭ ᠦᠭᠡ ᠪᠠᠶᠢᠳᠠᠭ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠴᠤ ᠡᠶᠢᠮᠦ ᠪᠠᠶᠢᠳᠠᠭ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠲᠣᠭᠲᠠᠭᠤᠨ ᠪᠣᠯᠬᠤ ᠬᠠᠨᠳᠤᠰᠢ ᠬᠢᠯᠪᠠᠷ ᠪᠤᠰᠤ ᠪᠠᠷ ᠢᠷᠡᠭᠰᠡᠨ ᠶᠤᠮ᠃ ᠬᠤᠶᠠᠷ ᠲᠠᠯ᠎ᠠ ᠶᠢᠨ ᠪᠦᠯᠬᠦᠮ ᠦᠷᠭᠦᠯᠵᠢᠯᠡᠨ ᠴᠢᠷᠮᠠᠶᠢᠵᠤ᠂ ᠮᠢᠨᠦ ᠶᠡᠷᠦᠩᠬᠡᠶᠢᠯᠡᠭᠴᠢ ᠪᠠᠶᠢᠳᠧᠨ ᠲᠠᠢ ᠲᠤᠬᠢᠷᠠᠯᠴᠠᠭᠰᠠᠠ ︽ᠰᠠᠨ ᠹᠷᠠᠨᠰᠢᠰᠺᠦ ᠶᠢᠨ ᠬᠦᠰᠡᠯ ᠪᠠᠷᠠᠯᠠᠯ︾᠎ ᠢ ᠢᠳᠡᠪᠬᠢᠲᠡᠢ ᠨᠠᠶᠢᠳᠠᠪᠤᠷᠢᠵᠢᠭᠤᠯᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠦᠨᠡᠨ ᠬᠦ ᠲᠣᠭᠲᠠᠪᠤᠷᠢᠵᠢᠭᠤᠯᠵᠤ᠂ ᠰᠠᠶᠢᠵᠢᠷᠠᠭᠤᠯᠵᠤ᠂ ᠤᠷᠤᠭᠰᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    ᠪᠦᠯᠢᠨᠺᠧᠨ ᠡᠩ ᠲᠡᠷᠢᠭᠦᠨ ᠳᠤ ᠶᠡᠷᠦᠩᠬᠡᠶᠢᠯᠡᠭᠴᠢ ᠪᠠᠶᠢᠳᠧᠨ ᠤ ᠲᠡᠷᠢᠭᠦᠯᠡᠭᠴᠢ ᠰᠢ ᠶᠢᠨ ᠫᠢᠩ ᠳᠤ ᠮᠡᠨᠳᠦᠴᠢᠯᠡᠯ ᠬᠦᠷᠭᠡᠵᠦ ᠪᠠᠶᠢᠬᠤ ᠶᠢ ᠳᠠᠮᠵᠢᠭᠤᠯᠵᠤ᠂ ᠶᠡᠷᠦᠩᠬᠡᠶᠢᠯᠡᠭᠴᠢ ᠪᠠᠶᠢᠳᠤᠨ ᠪᠣᠯᠤᠨ ᠲᠡᠷᠢᠭᠦᠯᠡᠭᠴᠢ ᠰᠢ ᠶᠢᠨ ᠫᠢᠩ ᠰᠠᠨ ᠹᠷᠠᠨᠰᠢᠰᠺᠦ ᠳᠤ ᠠᠭᠤᠯᠵᠠᠯᠲᠠ ᠬᠢᠭᠰᠡᠨ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠶᠠᠪᠤᠯᠴᠠᠭ᠎ᠠ᠂ ᠬᠤᠣᠷ ᠴᠠᠭᠠᠵᠠᠯᠠᠬᠤ᠂ ᠵᠣᠬᠢᠶᠠᠮᠠᠯ ᠤᠶᠤᠨ ᠴᠢᠳᠠᠪᠤᠷᠢ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠬᠦᠷᠢᠶᠡᠨ ᠤ ᠬᠠᠮᠲᠤᠷᠠᠯᠴᠠᠭ᠎ᠠ ᠢᠳᠡᠪᠬᠢᠲᠡᠢ ᠠᠬᠢᠴᠠ ᠲᠠᠢ ᠪᠣᠯᠪᠠ᠃ ᠣᠳᠣᠬᠠᠨ ᠤ ᠳᠡᠯᠡᠬᠡᠢ ᠵᠢᠷᠲᠢᠨᠴᠦ ᠮᠠᠰᠢ ᠤᠯᠠᠨ ᠪᠤᠳᠤᠯᠢᠶᠠᠨᠲᠠᠢ ᠥᠷᠢᠰᠥᠯᠳᠦᠭᠡᠨ ᠳᠤ ᠲᠤᠯᠭᠠᠷᠠᠵᠤ᠂ ᠪᠦᠷ ᠠᠮᠧᠷᠢᠺᠠ ᠳᠤᠮᠳᠠᠳᠤ ᠬᠤᠶᠠᠷ ᠤᠯᠤᠰ ᠤᠨ ᠬᠠᠮᠲᠤᠷᠠᠯᠴᠠᠨ ᠠᠷᠭᠠᠴᠠᠭᠠᠬᠤ ᠶᠢ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠲᠤ ᠠᠶᠢᠯᠴᠢᠯᠠᠬᠤ ᠬᠤᠭᠤᠴᠠᠭᠠᠨ ᠳᠤ ᠮᠢᠨᠦ ᠠᠭᠤᠯᠵᠠᠭᠰᠠᠨ ᠠᠮᠧᠷᠢᠺᠠ ᠶᠢᠨ ᠡᠯ᠎ᠡ ᠡᠲᠡᠭᠡᠳ ᠤᠨ ᠳᠤᠮᠳᠠᠳᠤ ᠤᠯᠤᠰ ᠲᠤ ᠰᠠᠭᠤᠭ᠎ᠠ ᠬᠥᠮᠦᠰ ᠴᠦ ᠠᠮᠧᠷᠢᠺᠠ ᠳᠤᠮᠳᠠᠳᠤ ᠶᠢᠨ ᠬᠠᠷᠢᠯᠴᠠᠭ᠎ᠠ ᠰᠠᠶᠢᠵᠢᠷᠠᠬᠤ ᠶᠢ ᠬᠦᠰᠡᠵᠦ ᠪᠠᠶᠢᠪᠠ᠃ ᠠᠮᠧᠷᠢᠺᠠ ᠶᠢᠨ ᠲᠠᠯ᠎ᠠ ᠶᠢᠨ ᠬᠢᠨ ︽ᠰᠢᠨ᠎ᠡ ᠬᠦᠢᠲᠡᠨ ᠳᠠᠶᠢᠨ︾᠎ ᠢ ᠳᠡᠭᠳᠡᠭᠡᠬᠦ ᠦᠭᠡᠶ ᠂ ᠳᠤᠮᠳᠠᠳᠤ ᠤᠯᠤᠰ ᠤᠨ ᠪᠠᠶᠢᠭᠤᠯᠤᠯ ᠢ ᠥᠭᠡᠷᠡᠴᠢᠯᠡᠬᠦ ᠦᠭᠡᠶ᠂ ᠳᠤᠮᠳᠠᠳᠤ ᠤᠯᠤᠰ ᠤᠨ ᠬᠥᠭᠵᠢᠯᠲᠡ ᠶᠢ ᠬᠤᠷᠢᠭᠯᠠᠬᠤ ᠦᠭᠡᠶ᠂ ᠬᠤᠯᠪᠣᠭᠠᠨ ᠤ ᠬᠠᠷᠢᠯᠴᠠᠭ᠎ᠠ ᠪᠠᠷ ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠦᠭᠡᠶ᠂ ᠳᠤᠮᠳᠠᠳᠤ ᠤᠯᠤᠰ ᠲᠠᠢ ᠮᠥᠷᠭᠦᠯᠳᠦᠭᠡᠨ ᠭᠠᠷᠬᠤ ᠶᠢ ᠵᠥᠪᠰᠢᠶᠡᠷᠡᠬᠦ ᠦᠭᠡᠶ᠃ ᠠᠮᠧᠷᠢᠺᠠ ᠶᠢᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠯᠤᠭ᠎ᠠ ᠤᠯᠤᠯᠴᠠᠭ᠎ᠠ ᠪᠠᠨ ᠪᠠᠲᠤᠯᠠᠵᠤ᠂ ᠬᠤᠶᠠᠷ ᠤᠯᠤᠰ ᠤᠨ ᠲᠡᠷᠢᠭᠦᠨ ᠤ ᠲᠤᠬᠢᠷᠠᠯᠴᠠᠭᠰᠠᠠ ᠰᠠᠨ ᠹᠷᠠᠨᠰᠢᠰᠺᠦ ᠶᠢᠨ ᠬᠠᠮᠲᠤ ᠶᠢᠨ ᠲᠠᠨᠢᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠩ ᠤᠯᠠᠨ ᠬᠠᠮᠲᠤᠷᠠᠯᠴᠠᠭ᠎ᠠ ᠶᠢ ᠡᠷᠢᠯᠬᠢᠯᠡᠵᠦ᠂ ᠪᠤᠷᠤᠭᠤ ᠣᠶᠢᠯᠠᠭᠠᠯᠲᠠ ᠪᠤᠷᠤᠭᠤ ᠮᠠᠭᠠᠳᠯᠠᠯᠲᠠ ᠬᠢᠬᠦ ᠠᠴᠠ ᠵᠠᠶᠢᠯᠠᠰᠭᠢᠵᠦ᠂ ᠵᠥᠷᠢᠯᠳᠦᠭᠡᠨ ᠢᠶᠠᠨ ᠬᠠᠷᠢᠭᠤᠴᠠᠯᠭ᠎ᠠ ᠲᠠᠢ ᠪᠠᠷ ᠬᠠᠮᠢᠶᠠᠷᠤᠨ ᠡᠵᠡᠮᠳᠡᠵᠦ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃ᠰᠢ ᠶᠢᠨ ᠫᠢᠩ ᠪᠦᠯᠢᠨᠺᠧᠨ ᠢᠶᠠᠷ ᠳᠠᠮᠵᠢᠭᠤᠯᠤᠨ ᠶᠡᠷᠦᠩᠬᠡᠶᠢᠯᠡᠭᠴᠢ ᠪᠠᠶᠢᠳᠧᠨ ᠳᠤ ᠮᠡᠨᠳᠦᠴᠢᠯᠡᠯ ᠳᠡᠪᠰᠢᠭᠦᠯᠪᠡ᠃   ᠸᠠᠩ ᠢ ᠠᠭᠤᠯᠵᠠᠯᠲᠠ ᠳᠤ ᠣᠷᠣᠯᠴᠠᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 26᠎ ᠤ ᠴᠠᠬᠢᠯᠭᠠᠨ ᠮᠡᠳᠡᠭᠡ︶ 
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号