ᠰᠢ ᠶᠢᠨ ᠫᠢᠩ ᠪᠣᠯᠤᠨ ᠲᠠᠨᠽᠠᠨᠢᠶ᠎ᠠ ᠶᠢᠨ ᠶᠡᠷᠦᠩᠬᠡᠶᠢᠯᠡᠭᠴᠢ ᠬᠠᠰᠠᠩ ᠳᠤᠮᠳᠠᠳᠤ ᠲᠠᠨᠽᠠᠨᠢᠶ᠎ᠠ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/4/28
   4 ᠰᠠᠷ᠎ᠠ ᠶᠢᠨ 26᠎ ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠤᠨ ᠲᠠᠨᠽᠠᠨᠢᠶ᠎ᠠ ᠶᠢᠨ ᠶᠡᠷᠦᠩᠬᠡᠶᠢᠯᠡᠭᠴᠢ ᠬᠠᠰᠠᠩ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠣᠶ ᠶᠢ ᠪᠡᠯᠭᠡᠯᠡᠪᠡ᠃   ᠰᠢ ᠶᠢᠨ ᠫᠢᠩ᠂ ᠳᠤᠮᠳᠠᠳᠤ ᠲᠠᠨᠽᠠᠨᠢᠶ᠎ᠠ ᠶᠢᠨ ᠤᠯᠠᠮᠵᠢᠯᠠᠯᠲᠤ ᠨᠥᠬᠦᠷᠯᠡᠯ ᠢ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠦᠰ ᠪᠠᠶᠢᠭᠤᠯᠪᠠ᠃ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠲᠤᠷᠰᠢ᠂ ᠳᠤᠮᠳᠠᠳᠤ ᠲᠠᠨᠽᠠᠨᠢᠶ᠎ᠠ ᠶᠢᠨ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠪᠠᠶᠢᠳᠠᠯ ᠤᠨ ᠰᠢᠯᠭᠠᠯᠲᠠ ᠶᠢ ᠥᠩᠭᠡᠷᠡᠭᠡᠵᠦ᠂ ᠶᠠᠪᠤᠬᠤ ᠲᠤᠳᠤᠮ ᠪᠠᠬᠢᠵᠢᠪᠡ᠃ ᠤᠢᠢᠷ᠎ᠠ ᠶᠢᠨ ᠵᠢᠯ ᠠᠴᠠ᠂ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠪᠠᠬᠢᠵᠢᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠦᠯᠢᠭᠡᠷ ᠳᠠᠭᠤᠷᠢᠶᠠᠯ ᠪᠣᠯᠪᠠ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠪᠢ ᠳᠤᠷᠠᠲᠠᠶ᠎ᠠ ᠶᠡᠷᠦᠩᠬᠡᠶᠢᠯᠡᠭᠴᠢ ᠠᠪᠠᠭ᠋ᠠᠢ ᠲᠠᠢ ᠬᠠᠮᠲᠤ ᠪᠠᠷ ᠴᠢᠷᠮᠠᠶᠢᠵᠤ ᠳᠤᠮᠳᠠᠳᠤ ᠲᠠᠨᠽᠠᠨᠢᠶ᠎ᠠ ᠶᠢᠨ ᠤᠯᠠᠮᠵᠢᠯᠠᠯᠲᠤ ᠨᠥᠬᠦᠷᠯᠡᠯ ᠢ ᠦᠷᠭᠦᠯᠵᠢᠯᠡᠭᠦᠯᠵᠦ᠂ ᠳᠤᠮᠳᠠᠳᠤ ᠲᠠᠨᠽᠠᠨᠢᠶ᠎ᠠ ᠬᠤᠶᠠᠷ ᠤᠯᠤᠰ ᠤᠨ ᠬᠥᠭᠵᠢᠯ ᠮᠠᠨᠳᠤᠯ ᠤᠨ ᠬᠠᠮᠲᠤ ᠶᠢᠨ ᠬᠦᠰᠡᠯ ᠵᠡᠭᠦᠳᠦ ᠪᠣᠯᠤᠨ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠳᠦᠭᠡᠨ ᠪᠠᠶᠢᠭᠤᠯᠬᠤ ᠦᠵᠡᠰᠭᠦᠯᠡᠩᠳᠤ ᠰᠠᠶᠢᠬᠠᠨ ᠵᠢᠷᠤᠭ ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃   ᠬᠠᠰᠠᠩ᠂ ᠲᠠᠨᠽᠠᠨᠢᠶ᠎ᠠ ᠳᠤᠮᠳᠠᠳᠤ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠲᠤᠷᠰᠢ᠂ ᠬᠤᠶᠠᠷ ᠤᠯᠤᠰ ᠤᠨ ᠪᠦᠯᠬᠦᠮᠳᠡᠯ ᠨᠥᠬᠦᠷᠯᠡᠯ ᠪᠣᠯᠤᠨ ᠦᠨᠡᠨᠴᠢ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠦ᠂ ᠬᠤᠶᠠᠷ ᠲᠠᠯ᠎ᠠ ᠪᠠᠷ ᠢᠶᠠᠨ ᠡᠷᠬᠡ ᠮᠡᠳᠡᠯ ᠪᠣᠯᠤᠨ ᠨᠤᠲᠤᠭ ᠳᠡᠪᠢᠰᠭᠡᠷ ᠤᠨ ᠪᠦᠷᠢᠨ ᠪᠦᠲᠦᠨ ᠪᠠᠶᠢᠬᠤ ᠶᠢ ᠬᠠᠷᠢᠯᠴᠠᠨ ᠬᠦᠨᠳᠦᠳᠭᠡᠵᠦ᠂ ᠬᠤᠶᠠᠷ ᠲᠠᠯᠠᠳᠤ ᠪᠠ ᠤᠯᠠᠨ ᠲᠠᠯᠠᠳᠤ ᠬᠡᠷᠡᠭ ᠶᠠᠪᠤᠳᠠᠯ ᠳᠤᠮᠳᠠ ᠬᠠᠷᠢᠯᠴᠠᠨ ᠳᠡᠮᠵᠢᠭᠰᠡᠭᠡᠷ ᠢᠷᠡᠪᠡ᠃ ᠲᠠᠨᠽᠠᠨᠢᠶ᠎ᠠ ᠶᠢᠨ ᠬᠢᠨ ᠳᠤᠮᠳᠠᠳᠤ ᠤᠯᠤᠰ ᠴᠠᠭ ᠦᠶ᠎ᠡ ᠶᠢ ᠵᠠᠭᠠᠭᠯᠠᠭᠰᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠡᠶᠡᠯᠡᠭᠦᠯᠦᠭᠰᠡᠨ ᠢ ᠪᠢᠰᠢᠷᠡᠵᠦ᠂ ᠬᠥᠭᠵᠢᠯᠲᠡ ᠶᠢᠨ ᠬᠦᠷᠢᠶᠡᠨ ᠳᠤ ᠦᠵᠡᠭᠦᠯᠦᠭᠰᠡᠨ ᠳᠤᠮᠳᠠᠳᠤ ᠤᠯᠤᠰ ᠤᠨ ᠳᠡᠮᠵᠢᠯᠭᠡ ᠳᠤ ᠭᠦᠨ ᠲᠠᠯᠠᠷᠬᠠᠵᠤ ᠪᠠᠶᠢᠨ᠎ᠠ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠵᠡᠷᠭᠡ ᠴᠢᠬᠤᠯᠠ ᠶᠡᠭᠡ ᠰᠠᠨᠠᠭᠠᠴᠢᠯᠠᠭ᠎ᠠ ᠶᠢ ᠡᠷᠡᠰ ᠭᠤᠶᠢᠪᠢᠰᠢ ᠦᠭᠡᠢ ᠳᠡᠮᠵᠢᠵᠦ᠂ ᠲᠠᠨᠽᠠᠨᠢᠶ᠎ᠠ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠴᠢᠩᠭᠠᠳᠬᠠᠨ᠎ᠠ ᠭᠡᠵᠤ ᠢᠯᠡᠳᠭᠡᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号