︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠠᠷᠠᠪ ᠬᠡᠯᠡᠨ ᠤ ᠬᠡᠪᠯᠡᠯ ᠤᠨ ᠲᠠᠨᠢᠯᠴᠠᠭᠤᠯᠭ᠎ᠠ ᠶᠢᠨ ᠬᠤᠷᠠᠯ ᠺᠠᠶᠢᠷᠣ᠋ ᠳᠤ ᠶᠠᠪᠤᠭᠳᠠᠪᠠ
ᠨᠡᠶᠢᠲᠡᠯᠡᠭᠰᠡᠨ ᠴᠠᠭ᠄
2024/4/28
   ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠠᠷᠠᠪ ᠬᠡᠯᠡᠨ ᠤ ᠬᠡᠪᠯᠡᠯ ᠤᠨ ᠲᠠᠨᠢᠯᠴᠠᠭᠤᠯᠭ᠎ᠠ ᠶᠢᠨ ᠬᠤᠷᠠᠯ 24᠎ ᠤ ᠡᠳᠦᠷ ᠶᠧᠵᠢᠫᠲ ᠤᠨ ᠨᠡᠶᠢᠰᠯᠡᠯ ᠺᠠᠶᠢᠷᠣ᠋ ᠳᠤ ᠶᠠᠪᠤᠭᠳᠠᠵᠤ᠂ ᠳᠤᠮᠳᠠᠳᠤ ᠠᠷᠠᠪ ᠤᠨ ᠡᠯ᠎ᠡ ᠡᠲᠡᠭᠡᠳ ᠤᠨ ᠲᠥᠯᠥᠭᠡᠯᠡᠭᠴᠢ 100 ᠭᠠᠷᠤᠢ ᠬᠥᠮᠦᠨ ᠬᠤᠷᠠᠯ ᠳᠤ ᠣᠷᠣᠯᠴᠠᠪᠠ᠃   ᠶᠧᠵᠢᠫᠲ ᠤᠨ ᠤᠤᠯ ᠤᠨ ᠶᠡᠷᠦᠩᠬᠡᠢ ᠰᠠᠶᠢᠳ ᠠᠶᠢᠰᠠᠮᠦ᠋ · ᠰᠢᠶᠧᠯᠠᠹᠦ᠋᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠳᠡᠯᠡᠬᠡᠢ ᠨᠡᠶᠢᠭᠡᠮ ᠳᠤ ᠳᠤᠮᠳᠠᠳᠤ ᠤᠯᠤᠰ ᠤᠨ ᠠᠯᠤᠰ ᠤᠨ ᠲᠥᠰᠦᠪ ᠢ ᠲᠣᠳᠣᠷᠬᠠᠢ ᠵᠢᠷᠤᠭᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠷᠰᠢᠯᠭ᠎ᠠ ᠶᠢ ᠥᠴᠦᠬᠡᠨ ᠴᠦ ᠦᠯᠡᠳᠡᠭᠡᠯ ᠦᠭᠡᠢ ᠬᠤᠪᠢᠶᠠᠯᠴᠠᠵᠤ᠂ ᠤᠩᠰᠢᠭᠴᠢᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠡᠩ ᠣᠨᠣᠪᠴᠢᠲᠠᠢ ᠣᠶᠢᠯᠠᠭᠠᠵᠤ᠂ ᠳᠤᠮᠳᠠᠳᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠲᠦᠷᠦ ᠶᠢᠨ ᠪᠤᠳᠤᠯᠭ᠎ᠠ ᠶᠢ ᠣᠶᠢᠯᠠᠭᠠᠬᠤ ᠳᠤ ᠲᠤᠰᠠᠲᠠᠢ ᠪᠠᠶᠢᠵᠤ᠂ ᠢᠲᠡᠭᠡᠮᠵᠢᠲᠡᠢ᠂ ᠬᠠᠶᠢᠷᠠᠯᠠᠯᠲᠠᠢ᠂ ᠬᠦᠨᠳᠦᠳᠭᠡᠭᠦᠰᠢᠲᠡᠢ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠲᠦᠷᠢ ᠲᠥᠷᠬᠦ ᠶᠢ ᠢᠯᠡᠷᠡᠭᠦᠯᠦᠭᠰᠡᠨ ᠶᠤᠮ ᠭᠡᠵᠦ ᠢᠯᠡᠳᠭᠡᠪᠡ᠃   ᠠᠷᠠᠪ ᠤᠨ ᠤᠯᠤᠰ ᠤᠳ ᠤᠨ ᠬᠤᠯᠪᠣᠭ᠎ᠠ ᠶᠢᠨ ᠲᠤᠰᠠᠯᠠᠭᠴᠢ ᠨᠠᠷᠢᠨ ᠪᠢᠴᠢᠭ ᠤᠨ ᠳᠠᠷᠤᠭ᠎ᠠ ᠾᠸᠥᠰᠠᠶᠢᠶ᠋ᠢᠨ · ᠬᠠᠳᠠᠸᠧᠢ ᠪᠠᠶᠠᠷ ᠤᠨ ᠦᠭᠡ ᠳᠡᠭᠡᠨ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠳᠤ ᠳᠤᠮᠳᠠᠳᠤ ᠤᠯᠤᠰ ᠤᠨ ᠪᠣᠷᠣᠭᠵᠢᠭᠤᠨ ᠪᠥᠭᠡᠳ ᠰᠣᠩᠭᠤᠳᠠᠭ᠂ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠤᠢᠢᠯᠠᠭᠠᠭᠳᠠᠬᠤᠨ ᠭᠦᠢᠴᠡᠳ ᠠᠭᠤᠯᠤᠭᠳᠠᠵᠤ᠂ ᠪᠦᠬᠦ ᠳᠡᠯᠡᠬᠡᠢ ᠶᠢᠨ ᠬᠡᠪᠴᠢᠶᠡᠨ ᠳᠤ ᠦᠯᠢᠭᠡᠷ ᠳᠠᠭᠤᠷᠢᠶᠠᠯ ᠪᠣᠯᠵᠠᠢ ᠭᠡᠵᠦ ᠢᠯᠡᠳᠭᠡᠪᠡ᠃   ᠠᠷᠠᠪ ᠤᠨ ᠬᠡᠪᠯᠡᠯ ᠤᠨ ᠬᠤᠳᠠᠯᠳᠤᠭᠠᠴᠢᠨ ᠤ ᠨᠡᠶᠢᠭᠡᠮᠯᠢᠭ ᠤᠨ ᠲᠡᠷᠢᠭᠦᠯᠡᠭᠴᠢ ᠮᠦᠬᠠᠨᠮᠦᠳ᠋ · ᠯᠠᠶᠢᠱᠠᠳ᠋᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠢ ᠤᠩᠰᠢᠬᠤ ᠪᠠᠷ ᠳᠠᠮᠵᠢᠨ᠂ ᠠᠷᠠᠪ ᠤᠨ ᠤᠩᠰᠢᠭᠴᠢᠳ ᠲᠡᠷᠢᠭᠦᠯᠡᠭᠴᠢ ᠰᠢ ᠶᠢᠨ ᠫᠢᠩ ᠤᠨ ᠤᠯᠤᠰ ᠲᠦᠷᠦ ᠶᠢᠨ ᠦᠵᠡᠯᠲᠡ᠂ ᠦᠵᠡᠯ ᠰᠠᠨᠠᠭ᠎ᠠ ᠤᠨᠤᠯ ᠪᠣᠯᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠣᠶᠢᠯᠠᠭᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠶᠠᠯᠢᠭ ᠠᠭᠤᠯᠤᠭᠳᠠᠬᠤᠨ ᠵᠢᠴᠢ ᠴᠢᠬᠤᠯᠠ ᠦᠨ᠎ᠡ ᠦᠷᠲᠡᠭ ᠢ ᠭᠦᠨᠵᠡᠭᠡᠢ ᠣᠶᠢᠯᠠᠭᠠᠵᠤ ᠪᠣᠯᠤᠨ᠎ᠠ ᠭᠡᠵᠦ ᠦᠵᠡᠪᠡ᠃   ᠳᠤᠮᠳᠠᠳᠤ ᠤᠯᠤᠰ ᠤᠨ ᠭᠠᠳᠠᠭᠠᠳᠤ ᠬᠡᠯᠡᠨ ᠤ ᠬᠡᠪᠯᠡᠨ ᠲᠠᠷᠬᠠᠭᠠᠬᠤ ᠦᠢᠯᠡᠰ ᠤᠨ ᠲᠣᠪᠴᠢᠶᠠᠨ ᠤ ᠳᠠᠷᠤᠭ᠎ᠠ ᠳ᠋ᠦ᠋ ᠵᠠᠨ ᠶᠤᠸᠠᠨ ᠲᠠᠨᠢᠯᠴᠠᠭᠤᠯᠬᠤ ᠬᠤᠷᠠᠯ ᠳᠡᠭᠡᠷ᠎ᠡ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠳᠡᠯᠡᠬᠡᠢ ᠳ᠋ᠠᠬᠢᠨ ᠳᠤ ᠳᠤᠮᠳᠠᠳᠤ ᠤᠯᠤᠰ ᠢ ᠣᠶᠢᠯᠠᠭᠠᠬᠤ ︽ᠦᠵᠡᠯ ᠰᠠᠨᠠᠭᠠᠨ ᠤ ᠴᠣᠩᠬᠤᠪᠴᠢ︾ ᠬᠡᠮᠡᠭᠳᠡᠭᠰᠡᠭᠡᠷ ᠢᠷᠡᠵᠠᠢ᠂ ᠡᠯ᠎ᠡ ᠤᠯᠤᠰ ᠤᠨ ᠤᠩᠰᠢᠭᠴᠢᠳ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠠᠷᠭ᠎ᠠ ᠪᠤᠳᠤᠯᠭ᠎ᠠ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠣᠶᠢᠯᠠᠭᠠᠬᠤ ᠡᠷᠬᠡ ᠰᠦᠷᠲᠦ ᠤᠩᠰᠢᠬᠤ ᠪᠢᠴᠢᠭ ᠪᠤᠯᠤᠨ᠎ᠠ᠃ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠥᠭᠦᠯᠡᠯᠲᠡ ᠳᠤ ᠠᠷᠠᠳ ᠲᠦᠮᠡᠨ ᠢ ᠳᠡᠭᠡᠳᠦᠯᠡᠬᠦ ᠦᠷᠳᠡᠭ ᠤᠨ ᠬᠠᠨᠳᠤᠰᠢ ᠶᠢ ᠠᠬᠤᠭᠤᠯᠵᠤ᠂ ᠤᠯᠤᠰ ᠤᠨ ᠵᠠᠰᠠᠯᠲᠠ ᠳᠤᠮᠳᠠᠬᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠯᠡᠷᠡᠭᠦᠯᠪᠡ︔ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠣᠲᠣᠭᠠᠳᠤ ᠯᠣᠭᠢᠭ ᠢ ᠢᠯᠡᠷᠡᠭᠦᠯᠵᠦ᠂ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠳᠤ ᠲᠤᠯᠢ ᠪᠣᠯᠭᠠᠵᠤ ᠰᠡᠩᠬᠡᠷᠡᠭᠦᠯᠦᠯ ᠬᠠᠩᠭᠠᠪᠠ ᠭᠡᠵᠦ ᠢᠯᠡᠳᠭᠡᠪᠡ᠃   ᠶᠧᠵᠢᠫᠲ ᠲᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠯᠢᠶᠣᠤ ᠯᠢ ᠴᠢᠶᠠᠩ ᠪᠠᠶᠠᠷ ᠤᠨ ᠦᠭᠡ ᠳᠡᠭᠡᠨ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠠᠶᠢᠯᠪᠤᠷᠢᠯᠠᠬᠤ ᠵᠦᠭᠯᠡᠭᠦᠷ ᠮᠥᠨ᠂ ᠳᠤᠮᠳᠠᠳᠤ ᠤᠯᠤᠰ ᠤᠨ ᠲᠤᠮᠤ ᠤᠯᠤᠰ ᠤᠨ ᠡᠭᠦᠷᠭᠡᠯᠡᠯ ᠢ ᠣᠶᠢᠯᠠᠭᠠᠬᠤ ᠲᠤᠯᠢ ᠮᠥᠨ᠂ ᠳᠤᠮᠳᠠᠳᠤ ᠤᠯᠤᠰ ᠤᠨ ᠤᠳᠤᠷᠢᠳᠤᠭᠴᠢ ᠶᠢᠨ ᠬᠥᠮᠦᠨ ᠴᠢᠨᠠᠷ ᠤᠨ ᠷᠢᠳᠢ ᠰᠢᠳᠢ ᠶᠢ ᠣᠶᠢᠯᠠᠭᠠᠬᠤ ᠴᠤᠩᠬᠤᠪᠴᠢ ᠮᠥᠨ᠃ ᠲᠡᠷᠢᠭᠦᠯᠡᠭᠴᠢ ᠰᠢ ᠶᠢᠨ ᠫᠢᠩ ᠤᠨ ᠠᠯᠢ ᠤᠯᠠᠨ ᠰᠣᠳᠣ ᠮᠡᠷᠭᠡᠨ ᠰᠢᠨ᠎ᠡ ᠣᠶᠢᠯᠠᠭᠠᠭᠳᠠᠬᠤᠨ ᠰᠢᠨ᠎ᠡ ᠰᠠᠨᠠᠭᠠᠴᠢᠯᠠᠭ᠎ᠠ ᠨᠢ ᠳᠤᠮᠳᠠᠳᠤ ᠤᠯᠤᠰ ᠤᠨ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠡᠷᠡᠰ ᠵᠣᠷᠢᠭ ᠢ ᠲᠤᠩᠬᠠᠭᠯᠠᠵᠤ᠂ ᠳᠤᠮᠳᠠᠳᠤ ᠤᠯᠤᠰ ᠤᠨ ᠬᠥᠭᠵᠢᠯᠲᠡ ᠪᠠᠷ ᠳᠡᠯᠡᠬᠡᠢ ᠳ᠋ᠠᠬᠢᠨ ᠳᠤ ᠪᠤᠶᠠᠨ ᠦᠢᠯᠡᠳᠬᠦ ᠴᠢᠩ ᠦᠨᠡᠨᠴᠢ ᠬᠦᠰᠡᠯ ᠡᠷᠡᠮᠡᠯᠵᠡᠯ ᠢ ᠢᠯᠡᠳᠭᠡᠵᠡᠢ ᠭᠡᠵᠦ ᠢᠯᠡᠳᠭᠡᠪᠡ᠃   ᠲᠠᠨᠢᠯᠴᠠᠭᠤᠯᠭ᠎ᠠ ᠶᠢᠨ ᠬᠤᠷᠠᠯ ᠢ ᠳᠤᠮᠳᠠᠳᠤ ᠤᠯᠤᠰ ᠤᠨ ᠭᠠᠳᠠᠭᠠᠳᠤ ᠬᠡᠯᠡᠨ ᠤ ᠬᠡᠪᠯᠡᠨ ᠲᠠᠷᠬᠠᠭᠠᠬᠤ ᠦᠢᠯᠡᠰ ᠤᠨ ᠲᠣᠪᠴᠢᠶ᠎ᠠ᠂ ᠶᠧᠵᠢᠫᠲ ᠲᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ ᠠᠴᠠ ᠭᠤᠣᠯᠯᠠᠨ ᠡᠷᠬᠢᠯᠡᠵᠥ᠂ ᠭᠠᠳᠠᠭᠠᠳᠤ ᠬᠡᠯᠡᠨ ᠤ ᠬᠡᠪᠯᠡᠯ ᠤᠨ ᠬᠤᠷᠢᠶ᠎ᠠ᠂ ᠳᠤᠮᠳᠠᠳᠤ ᠤᠯᠤᠰ ᠤᠨ ᠭᠠᠳᠠᠭᠠᠳᠤ ᠬᠡᠯᠡᠨ ᠤ ᠬᠡᠪᠯᠡᠨ ᠲᠠᠷᠬᠠᠭᠠᠬᠤ ᠦᠢᠯᠡᠰ ᠤᠨ ᠲᠣᠪᠴᠢᠶ᠎ᠠ ᠶᠢᠨ ᠪᠠᠷᠠᠭᠤᠨ ᠧᠦ᠋ᠷᠣᠫᠠ ᠪᠣᠯᠤᠨ ᠠᠹᠷᠢᠺᠠ ᠲᠢᠪ ᠤᠨ ᠳᠠᠮᠵᠢᠭᠤᠯᠭ᠎ᠠ ᠶᠢᠨ ᠲᠥᠪ ︵︽ᠥᠨᠥᠳᠦᠷ ᠤᠨ ᠳᠤᠮᠳᠠᠳᠤ ᠤᠯᠤᠰ︾ ᠰᠡᠳᠬᠦᠯ ᠤᠨ ᠬᠤᠷᠢᠶ᠎ᠠ︶ ᠳᠠᠭᠠᠭᠠᠴᠢᠯᠠᠨ ᠡᠷᠬᠢᠯᠡᠵᠥ᠂ ᠶᠧᠵᠢᠫᠲ ᠤᠨ ᠰᠢᠺᠧᠮᠠᠶᠢᠲ᠋ᠣ᠋ ᠰᠣᠶᠣᠯ ᠤᠨ ᠠᠵᠤ ᠦᠢᠯᠡᠰ ᠤᠨ ᠪᠦᠯᠦᠭᠯᠡᠯ ᠬᠠᠮᠵᠢᠯᠴᠠᠨ ᠡᠷᠬᠢᠯᠡᠵᠥ᠂ ᠶᠧᠵᠢᠫᠲ ᠤᠨ ︽ᠦᠨᠳᠦᠰᠦᠨ ᠲᠦᠷᠢᠮ ᠰᠣᠨᠢᠨ︾ ᠵᠠᠭᠤᠴᠢᠯᠠᠭᠤᠷ ᠤᠨ ᠬᠠᠮᠲᠤᠷᠠᠯᠴᠠᠭ᠎ᠠ ᠳᠤ ᠣᠷᠣᠯᠴᠠᠪᠠ᠃   ︵ᠰᠢᠨᠬᠤᠸᠠ ᠬᠤᠷᠢᠶ᠎ᠠ ᠶᠢᠨ ᠺᠠᠶᠢᠷᠣ᠋ ᠶᠢᠨ 4 ᠰᠠᠷ᠎ᠠ ᠶᠢᠨ 26᠎ ᠤ ᠴᠠᠬᠢᠯᠭᠠᠨ ᠮᠡᠳᠡᠭᠡ︶ 
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号