ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠲᠤᠰᠬᠠᠢ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ︽ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠤ ᠰᠢᠳᠬᠡᠯ ᠥᠭᠬᠦ ᠳᠦᠷᠢᠮ ︵ᠲᠥᠰᠦᠯ︶ ︾ ᠪᠠ ︽ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠭᠠᠷᠴᠠᠭ ᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠲᠣᠭᠲᠠᠭᠠᠯ︾ ᠢ ᠬᠢᠨᠠᠨ ᠵᠥᠪᠯᠡᠵᠦ ᠪᠠᠲᠤᠯᠠᠪᠠ
ᠨᠡᠶᠢᠲᠡᠯᠡᠭᠰᠡᠨ ᠴᠠᠭ᠄
2024/4/28
   ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 26 ᠤ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 26 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠲᠤᠰᠬᠠᠢ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠤ ᠰᠢᠳᠬᠡᠯ ᠥᠭᠬᠦ ᠳᠦᠷᠢᠮ ︵ᠲᠥᠰᠦᠯ︶︾ ᠪᠣᠯᠤᠨ ︽ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠭᠠᠷᠴᠠᠭ ᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠲᠣᠭᠲᠠᠭᠠᠯ︾ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠨᠡᠶᠢᠭᠡᠮ ᠤᠨ ᠢᠲᠡᠭᠡᠯ ᠵᠣᠷᠢᠭ ᠢ ᠬᠥᠪᠴᠢᠯᠡᠬᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠬᠤ ᠴᠢᠬᠤᠯᠠ ᠭᠠᠷᠳᠠᠴᠠ ᠮᠥᠨ᠃ ᠬᠥᠭᠵᠢᠯᠲᠡ ᠶᠢᠨ ᠶᠡᠭᠡ ᠲᠠᠯ᠎ᠠ ᠶᠢ ᠪᠣᠳᠣᠯᠬᠢᠯᠠᠨ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠪᠣᠢ ᠪᠣᠯᠭᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠡᠷᠬᠡᠪᠰᠢ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠳᠤ ᠢᠯᠡᠷᠡᠭᠦᠯᠦᠭᠰᠡᠨ ᠠᠰᠠᠭᠤᠳᠠᠯ ᠢ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠬᠡ ᠲᠡᠭᠰᠢ ᠪᠠᠷ ᠥᠷᠢᠰᠥᠯᠳᠦᠬᠦ ᠶᠢ ᠠᠬᠢᠭᠤᠯᠬᠤ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠪᠠᠬᠢᠯᠡᠯᠲᠡ ᠶᠢ ᠠᠷᠢᠯᠭᠠᠬᠤ᠂ ᠭᠠᠳᠠᠭᠠᠳᠤ ᠨᠡᠭᠡᠭᠡᠯᠲᠡ ᠶᠢ ᠥᠷᠭᠡᠳᠬᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠶᠢ ᠡᠷᠬᠢᠮᠯᠡᠭᠰᠡᠨ ᠲᠤᠰᠠᠲᠠᠢ ᠠᠷᠭ᠎ᠠ ᠬᠡᠮᠵᠢᠶ᠎ᠡ ᠠᠪᠴᠤ᠂ ᠦᠨᠡᠨᠬᠦ ᠰᠢᠢᠳᠪᠦᠷᠢᠯᠡᠬᠦ ᠬᠡᠷᠡᠭᠲᠡᠢ᠃ ᠮᠥᠷᠳᠡᠨ ᠱᠠᠯᠠᠪᠳᠠᠭᠤᠯᠤᠨ ᠰᠢᠢᠳᠪᠦᠷᠢᠯᠡᠬᠦ ᠪᠠᠨ ᠴᠢᠩᠭᠠᠳᠬᠠᠵᠤ᠂ ᠴᠠᠭ ᠲᠤᠬᠠᠢ ᠳᠤᠨᠢ ︽ᠡᠷᠭᠢᠨ ᠬᠠᠷᠠᠬᠤ︾ ᠠᠵᠢᠯ ᠢ ᠥᠷᠨᠢᠭᠦᠯᠵᠦ᠂ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ ᠴᠤᠭᠯᠠᠭᠤᠯᠤᠭᠰᠠᠨ ᠰᠠᠨᠠᠯ ᠰᠠᠨᠠᠭᠤᠯᠭ᠎ᠠ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠵᠦᠢᠯ ᠳᠠᠷᠠᠭᠠᠯᠠᠨ ᠵᠠᠳᠠᠯᠤᠨ ᠰᠤᠳᠤᠯᠵᠤ᠂ ᠲᠥᠷᠥ ᠶᠢᠨ ᠪᠣᠳᠣᠯᠭ᠎ᠠ ᠲᠣᠭᠲᠠᠭᠠᠵᠤ ᠨᠡᠶᠢᠲᠡᠯᠡᠬᠦ ᠳᠡᠭᠡᠨ ᠢᠳᠡᠪᠬᠢᠲᠡᠢ ᠪᠠᠷ ᠰᠢᠩᠭᠡᠭᠡᠨ ᠠᠪᠬᠤ ᠬᠡᠷᠡᠭᠲᠡᠢ᠃ ᠨᠡᠶᠢᠲᠡᠯᠢᠭ ᠲᠤᠷᠰᠢᠯᠭ᠎ᠠ ᠪᠠ ᠠᠷᠭ᠎ᠠ ᠪᠠᠷᠢᠯ ᠢ ᠴᠠᠭ ᠲᠤᠨᠢ ᠲᠣᠬᠢᠷᠠᠭᠤᠯᠤᠨ ᠳ᠋ᠦᠩᠨᠡᠨ ᠳᠡᠯᠭᠡᠷᠡᠭᠦᠯᠬᠦ ᠬᠡᠷᠡᠭᠲᠡᠢ᠃    ᠬᠤᠷᠠᠯ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠳᠤ ᠰᠢᠳᠬᠡᠯ ᠥᠭᠬᠦ ᠳᠦᠷᠢᠮ ᠲᠥᠰᠦᠯ ᠢ ᠬᠢᠨᠠᠨ ᠶᠠᠷᠢᠯᠴᠠᠵᠤ ᠪᠠᠲᠤᠯᠠᠪᠠ᠃ ᠬᠤᠷᠠᠯ ᠠᠴᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠨᠢ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠢᠭᠤᠨ ᠴᠢᠬᠡᠴᠢ ᠪᠠᠷ ᠠᠵᠢᠯ ᠡᠷᠬᠢᠯᠡᠬᠦ ᠶᠢ ᠠᠬᠢᠭᠤᠯᠬᠤ ᠳᠤ ᠠᠰᠢᠭᠲᠠᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠯᠤᠰ ᠬᠡᠳᠦ ᠶᠢᠨ ᠬᠥᠭᠵᠢᠯᠲᠡ ᠳᠤ ᠠᠰᠢᠭᠲᠠᠢ ᠶᠤᠮ᠃ ᠬᠠᠤᠯᠢ ᠶᠢ ᠴᠢᠩᠭ᠎ᠠ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠵᠦ᠂ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠲᠠᠢ ᠤᠶᠠᠯᠳᠤᠭᠤᠯᠵᠤ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠳᠦᠷ ᠲᠤᠲᠤᠮ ᠤᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠦᠷᠢᠮ ᠲᠣᠭᠲᠠᠭᠠᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠬᠠᠷᠢᠴᠠᠭᠤᠯᠤᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠠᠮᠠᠷᠬᠠᠨ ᠡᠭᠦᠰᠬᠦ ᠣᠯᠠᠨ ᠡᠭᠦᠰᠬᠦ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠡᠷᠲᠡ ᠠᠴᠠ ᠠᠳᠬᠤᠨ ᠪᠠᠭ᠎ᠠ ᠳᠤᠨᠢ ᠠᠳᠬᠤᠵᠤ᠂ ᠪᠠᠭ᠎ᠠ ᠳᠡᠭᠡᠷ᠎ᠡ ᠨᠢ ᠰᠡᠷᠭᠡᠶᠢᠯᠡᠬᠦ ᠬᠡᠷᠡᠭᠲᠡᠢ᠃ ᠥᠩᠭᠡ ᠦᠨᠳᠦᠰᠦ ᠶᠢ ᠬᠠᠮᠲᠤᠳᠠ ᠨᠢ ᠵᠠᠰᠠᠬᠤ ᠶᠢ ᠪᠠᠷᠢᠮᠲᠠᠯᠠᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠂ ᠳᠦᠷᠢᠮ ᠤᠨ ᠳᠤᠲᠠᠭᠳᠠᠯ ᠢ ᠪᠥᠭᠯᠡᠬᠦ ᠬᠡᠷᠡᠭᠲᠡᠢ᠃     ᠬᠤᠷᠠᠯ ᠠᠴᠠ᠂ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠳᠦᠷᠢᠮ ᠪᠣᠯ ᠴᠢᠬᠤᠯᠠ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠳᠦᠷᠢᠮ ᠤᠨ ᠪᠠᠲᠤᠯᠠᠭ᠎ᠠ ᠪᠣᠯᠤᠨ᠎ᠠ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠤᠨ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ ᠲᠦᠭᠰᠢᠭᠦᠷᠢ ᠶᠡᠬᠡᠲᠡᠢ ᠦᠢᠯᠡᠳᠬᠦᠨ ᠢ ᠪᠣᠯ ᠦᠢᠯᠡᠳᠪᠦᠷᠢᠯᠡᠬᠦ ᠶᠢ ᠵᠥᠪᠰᠢᠶᠡᠷᠡᠬᠦ ᠦᠨᠡᠮᠯᠡᠯ ᠳᠤ ᠴᠠᠭ ᠲᠤᠬᠠᠢ ᠳᠤᠨᠢ ᠣᠷᠣᠭᠤᠯᠬᠤ ᠶᠢᠨ ᠬᠠᠮᠲᠤ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ᠂ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠪᠣᠯᠤᠨ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠷᠠᠭᠤᠯᠬᠤ ᠬᠡᠷᠡᠭᠲᠡᠢ᠃ ᠦᠨᠡᠮᠯᠡᠯ ᠣᠯᠭᠤᠭᠰᠠᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠠᠶᠤᠯ ᠦᠭᠡᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠦᠢᠯᠡᠳᠬᠦᠨ ᠤ ᠶᠠᠰᠤ ᠴᠢᠨᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠭᠦᠯᠬᠦ ᠬᠡᠷᠡᠭᠲᠡᠢ᠃ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠨᠢ ᠬᠦᠴᠦᠨ ᠦᠭᠡᠢ ᠪᠣᠯᠭᠠᠵᠤ ᠬᠠᠮᠢᠶᠠᠷᠴᠤ ᠪᠦᠬᠦᠢ ᠠᠵᠤ ᠦᠢᠯᠡᠳᠪᠦᠷᠢ ᠶᠢᠨ ᠦᠢᠯᠡᠳᠬᠦᠨ ᠳᠤ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠪᠠᠨ ᠴᠢᠩᠭᠠᠳᠬᠠᠵᠤ᠂ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠶᠠᠰᠤ ᠴᠢᠨᠠᠷ ᠤᠨ ᠠᠮᠤᠷ ᠲᠦᠪᠰᠢᠨ ᠤ ᠳᠠᠯᠳᠠ ᠭᠡᠮ ᠢ ᠬᠦᠴᠦᠯᠡᠨ ᠠᠷᠢᠯᠭᠠᠬᠤ ᠬᠡᠷᠡᠭᠲᠡᠢ᠃ ᠦᠢᠯᠡᠳᠬᠦᠨ ᠤ 3C ᠭᠡᠷᠡᠴᠢᠯᠡᠭᠡ᠂ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠵᠡᠷᠭᠡ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠨᠢᠭᠡ ᠪᠦᠯᠦᠭ ᠭᠤᠣᠯᠳᠠᠯᠭ᠎ᠠ ᠲᠠᠢ ᠪᠠᠴᠢᠮ ᠬᠡᠷᠡᠭᠰᠡᠬᠦ ᠪᠠᠷᠢᠮᠵᠢᠶ᠎ᠠ ᠶᠢ ᠱᠠᠯᠠᠪᠳᠠᠨ ᠲᠣᠭᠲᠠᠭᠠᠵᠤ ᠵᠠᠰᠠᠪᠤᠷᠢ ᠣᠷᠣᠭᠤᠯᠵᠤ᠂ ᠪᠠᠷᠢᠮᠵᠢᠶ᠎ᠠ ᠶᠢ ᠳᠡᠭᠡᠭᠰᠢᠯᠡᠭᠦᠯᠬᠦ ᠪᠠᠷ ᠶᠠᠰᠤ ᠴᠢᠨᠠᠷ ᠤᠨ ᠳᠡᠭᠡᠭᠰᠢᠯᠡᠯᠲᠡ ᠶᠢ ᠳᠠᠶᠢᠴᠢᠯᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号