4 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ ᠲᠦᠷᠦ ᠶᠢᠨ ᠶᠠᠪᠤᠳᠠᠯ ᠤᠨ ᠰᠠᠶᠢᠳ ᠪᠦᠯᠢᠨᠺᠧᠨ ᠲᠠᠢ ᠠᠭᠤᠯᠵᠠᠪᠠ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠣᠯᠤᠨ᠎ᠠ | ᠃ 45 ᠵᠢᠯ ᠳᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠨᠢ ᠰᠠᠯᠬᠢ ᠪᠣᠷᠣᠭᠠᠨ ᠢ ᠲᠤᠭᠤᠯᠵᠤ᠂ ᠪᠢᠳᠡᠨ ᠳᠤ ᠴᠥᠭᠡᠨ ᠪᠤᠰᠤ | ᠴᠢᠬᠤᠯᠠ ᠰᠡᠩᠬᠡᠷᠡᠭᠦᠯᠦᠯ ᠥᠭᠴᠡᠢ᠄ ᠬᠤᠶᠠᠷ ᠤᠯᠤᠰ ᠢᠶᠠᠷ ᠢᠶᠠᠨ ᠬᠠᠨᠢᠲᠠᠨ ᠪᠣᠯᠪᠠᠯ ᠵᠣᠬᠢᠨ᠎ᠠ᠂ ᠬᠠᠷᠢᠨ ᠥᠷᠢᠰᠥᠯᠳᠦᠭᠴᠢ | ᠪᠣᠯᠬᠤ ᠪᠢᠰᠢ︔ ᠬᠠᠷᠢᠯᠴᠠᠨ ᠳᠡᠮᠵᠢᠯᠴᠡᠪᠡᠯ ᠵᠤᠬᠢᠨ᠎ᠠ᠂ ᠬᠠᠷᠢᠨ ᠬᠠᠷᠢᠯᠴᠠᠨ ᠰᠢᠷᠬᠠᠯᠠᠭᠤᠯᠬᠤ ᠪᠢᠰᠢ︔ ᠠᠳᠠᠯᠢ ᠲᠠᠯ᠎ᠠ ᠪᠠᠨ | ᠡᠷᠢᠵᠦ ᠵᠥᠷᠢᠶ᠎ᠡ ᠪᠠᠨ ᠦᠯᠡᠳᠡᠭᠡᠪᠡᠯ ᠵᠤᠬᠢᠨ᠎ᠠ᠂ ᠬᠠᠷᠢᠨ ᠮᠠᠭᠤ ᠰᠠᠨᠠᠭ᠎ᠠ ᠪᠠᠷ ᠥᠷᠢᠰᠥᠯᠳᠦᠬᠦ ᠪᠢᠰᠢ︔ ᠬᠡᠯᠡᠭᠰᠡᠨ ᠳᠡᠭᠡᠨ | ᠬᠦᠷᠪᠡᠯ ᠵᠤᠬᠢᠨ᠎ᠠ᠂ ᠬᠠᠷᠢᠨ ᠬᠡᠯᠡᠬᠦ ᠬᠢᠬᠦ ᠨᠢ ᠨᠢᠭᠡᠳᠦᠯ ᠦᠭᠡᠢ ᠪᠠᠶᠢᠬᠤ ᠪᠢᠰᠢ᠃ ᠪᠢ ᠬᠠᠷᠢᠯᠴᠠᠨ ᠬᠦᠨᠳᠦᠳᠭᠡᠬᠦ᠂ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠭᠤᠷᠪᠠᠨ ᠶᠡᠭᠡ ᠵᠠᠷᠴᠢᠮ ᠢ | ᠳᠤᠷᠠᠳᠪᠠ᠂ ᠡᠨᠡ ᠨᠢ ᠥᠩᠭᠡᠷᠡᠭᠰᠡᠨ ᠤ ᠲᠤᠷᠰᠢᠯᠭ᠎ᠠ ᠶᠢᠨ ᠳ᠋ᠦᠩᠨᠡᠯᠲᠡ ᠪᠣᠯᠬᠤ ᠪᠥᠭᠡᠳ ᠪᠠᠰᠠ ᠢᠷᠡᠭᠡᠳᠦᠢ ᠳᠤ ᠬᠠᠨᠳᠤᠬᠤ | ᠵᠢᠯᠤᠭᠤᠳᠤᠯᠭ᠎ᠠ ᠪᠣᠯᠤᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ 3 ᠭᠠᠷᠠᠭ ᠤᠨ ᠡᠮᠦᠨ᠎ᠡ᠂ ᠪᠢ ᠶᠡᠷᠦᠩᠬᠡᠶᠢᠯᠡᠭᠴᠢ ᠪᠠᠶᠢᠳᠧᠨ ᠲᠠᠢ ᠤᠲᠠᠰᠤ ᠪᠠᠷ ᠶᠠᠷᠢᠯᠴᠠᠵᠤ᠂ ᠡᠨᠡ | ᠵᠢᠯ ᠤᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠲᠣᠭᠲᠠᠭᠤᠨ ᠢᠶᠠᠷ ᠬᠥᠭᠵᠢᠭᠦᠯᠬᠦ ᠲᠤᠬᠠᠢ ᠪᠣᠳᠣᠯᠬᠢᠯᠠᠯ ᠢᠶᠠᠨ | ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠡᠶ᠎ᠡ ᠡᠪ ᠢ ᠡᠷᠬᠢᠮᠯᠡᠵᠦ᠂ ᠲᠣᠭᠲᠠᠭᠤᠨ ᠢ ᠴᠢᠬᠤᠯᠠᠴᠢᠯᠠᠵᠤ᠂ ᠢᠲᠡᠭᠡᠮᠵᠢ ᠪᠠᠷ | ᠦᠨᠳᠦᠰᠦ ᠪᠣᠯᠭᠠᠪᠠᠯ ᠵᠣᠬᠢᠨ᠎ᠠ ᠭᠡᠵᠦ ᠳᠤᠷᠠᠳᠴᠠᠢ᠃ ᠪᠢ ᠪᠠᠰᠠ ︽ᠠᠤᠭ᠎ᠠ ᠬᠠᠷᠠᠯᠳᠠ ᠪᠠ ᠠᠯᠤᠰ ᠤᠨ ᠬᠠᠷᠠᠴᠠ ᠲᠠᠢ | ᠪᠠᠶᠢᠪᠠᠯ ᠰᠠᠶ᠋ᠢ ᠨᠡᠩ ᠲᠤᠭᠳᠠᠭᠤᠨ ᠪᠦᠭᠡᠳ ᠤᠷᠳᠤ ᠬᠤᠭᠤᠴᠠᠭᠠᠨ ᠤ ᠠᠰᠢᠭ ᠲᠤᠰᠠ ᠶᠢ ᠤᠯᠵᠤ ᠴᠢᠳᠠᠮᠤᠢ︾ ᠭᠡᠵᠦ | ᠴᠢᠬᠤᠯᠠᠴᠢᠯᠠᠵᠤ ᠥᠩᠭᠡᠷᠡᠭᠰᠡᠨ ᠶᠤᠮ᠃ ᠣᠳᠣᠬᠠᠨ ᠤ ᠳᠡᠯᠡᠬᠡᠢ ᠵᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ | ᠶᠡᠭᠡ ᠬᠤᠪᠢᠰᠤᠯᠲᠠ ᠳᠤ ᠲᠤᠯᠭᠠᠷᠠᠵᠤ ᠪᠠᠶᠢᠨ᠎ᠠ᠂ ᠡᠨᠡ ᠬᠦ ᠬᠤᠪᠢᠰᠤᠯᠲᠠ ᠶᠢ ᠬᠡᠷᠬᠢᠨ ᠠᠷᠭᠠᠴᠠᠭᠠᠬᠤ ᠪᠤᠢ ᠭᠡᠳᠡᠭ ᠪᠣᠯ ᠴᠠᠭ | ᠦᠶ᠎ᠡ ᠶᠢᠨ ᠠᠰᠠᠭᠤᠯᠲᠠ᠂ ᠳᠡᠯᠡᠬᠡᠢ ᠶᠢᠨ ᠠᠰᠠᠭᠤᠯᠲᠠ ᠪᠣᠯᠤᠨ᠎ᠠ᠃ ᠮᠢᠨᠦ ᠥᠭᠭᠦᠭᠰᠡᠨ ᠬᠠᠷᠢᠭᠤᠯᠲᠠ ᠪᠣᠯ ᠳᠠᠷᠤᠢ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠠᠪᠤᠳᠠᠯ ᠪᠣᠯᠤᠨ᠎ᠠ᠂ ᠡᠨᠡ ᠨᠢ | ᠨᠢᠭᠡᠨᠲᠡ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠲᠤᠭ ᠲᠡᠮᠳᠡᠭ ᠪᠣᠯᠤᠭᠰᠠᠨ ᠪᠥᠭᠡᠳ ᠳᠡᠯᠡᠬᠡᠢ ᠶᠢᠨ ᠮᠠᠰᠢ | ᠤᠯᠠᠨ ᠤᠯᠤᠰ ᠤᠨ ᠬᠦᠷᠢᠶᠡᠯᠡᠯ ᠢ ᠣᠯᠤᠭᠰᠠᠨ ᠪᠠᠶᠢᠨ᠎ᠠ᠃ ᠳᠡᠯᠡᠬᠡᠶ ᠶᠢᠨ ᠪᠥᠮᠪᠥᠷᠴᠡᠭ ᠡᠳᠦᠢ ᠯᠡ ᠶᠡᠭᠡ᠂ ᠬᠥᠮᠦᠨ | ᠲᠥᠷᠥᠯᠬᠢᠲᠡᠨ ᠡᠶᠢᠮᠦ ᠣᠯᠠᠨ ᠬᠠᠮᠲᠤ ᠶᠢᠨ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠳᠤᠮᠳᠠᠳᠤ ᠤᠯᠤᠰ ᠤᠨ | ᠡᠷᠲᠡᠨ ᠤ ᠬᠦᠮᠦᠰ ︽ᠬᠠᠳᠠᠭᠤ ᠪᠡᠷᠬᠡᠰᠢᠶᠡᠯ ᠢ ᠬᠠᠮᠳᠤ ᠪᠠᠷ ᠲᠤᠭᠤᠯᠬᠤ︾ ᠭᠡᠵᠦ ᠬᠡᠯᠡᠳᠡᠭ ᠪᠠᠶᠢᠪᠠ᠂ ᠮᠢᠨᠦ ᠦᠵᠡᠬᠦ ᠪᠠᠷ | ᠤᠳᠤ ︽ᠪᠦᠬᠦ ᠳᠡᠯᠡᠬᠡᠢ ᠪᠠᠷ ᠢᠶᠠᠨ ᠬᠠᠳᠠᠭᠤ ᠪᠡᠷᠬᠡᠰᠢᠶᠡᠯ ᠢ ᠬᠠᠮᠳᠤ ᠪᠠᠷ ᠲᠤᠭᠤᠯᠬᠤ︾ ᠴᠢᠬᠤᠯᠠᠲᠠᠢ ᠪᠤᠯᠵᠠᠢ᠃ ᠬᠥᠮᠦᠨ | ᠲᠥᠷᠥᠯᠬᠢᠲᠡᠨ ᠤ ᠨᠡᠶᠢᠭᠡᠮ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠪᠤᠶᠠᠨ ᠵᠢᠷᠭᠠᠯ ᠢ ᠬᠠᠮᠲᠤ ᠪᠠᠷ ᠡᠳ᠋ᠯᠡᠵᠦ ᠭᠠᠢ | ᠭᠠᠮᠰᠢᠭ ᠢ ᠬᠠᠮᠲᠤ ᠪᠠᠷ ᠲᠤᠭᠤᠯᠵᠤ᠂ ᠡᠯ᠎ᠡ ᠤᠯᠤᠰ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ᠂ ᠤᠯᠠᠨ ᠢᠶᠠᠷ ᠢᠶᠠᠨ | ᠬᠠᠮᠲᠤ ᠪᠠᠷ ᠠᠰᠢᠭ ᠬᠦᠷᠳᠡᠬᠦ᠂ ᠤᠯᠠᠨ ᠠᠰᠢᠭ ᠬᠦᠷᠳᠡᠬᠦ ᠶᠢᠨ ᠲᠥᠯᠥᠭᠡ ᠬᠠᠮᠤᠭ ᠤᠨ ᠶᠡᠭᠡ ᠬᠠᠮᠲᠤ ᠶᠢᠨ ᠲᠠᠨᠢᠯᠲᠠ ᠶᠢ | ᠨᠢᠭᠲᠠᠷᠠᠭᠤᠯᠪᠠᠯ ᠵᠣᠬᠢᠨ᠎ᠠ᠃ ᠡᠨᠡ ᠪᠣᠯ ᠳᠤᠮᠳᠠᠳᠤ ᠤᠯᠤᠰ ᠤᠨ ᠳᠡᠯᠡᠬᠡᠢ ᠪᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ | ᠦᠵᠡᠬᠦ ᠶᠢᠨ ᠦᠨᠳᠦᠰᠦᠨ ᠡᠭᠦᠰᠦᠯᠲᠡ ᠮᠥᠨ᠃ ᠲᠤᠮᠤ ᠤᠯᠤᠰ ᠨᠢ ᠲᠤᠮᠤ ᠤᠯᠤᠰ ᠤᠨ ᠶᠠᠩᠵᠤ ᠲᠠᠢ ᠪᠠᠶᠢᠪᠠᠯ ᠵᠤᠬᠢᠨ᠎ᠠ᠂ | ᠲᠤᠮᠤ ᠤᠯᠤᠰ ᠤᠨ ᠬᠡᠬᠦᠳᠡᠭ ᠴᠡᠭᠡᠵᠢ ᠪᠠ ᠡᠭᠦᠷᠭᠡᠯᠡᠯ ᠲᠠᠢ ᠪᠠᠶᠢᠪᠠᠯ ᠵᠤᠬᠢᠨ᠎ᠠ ᠭᠡᠵᠦ ᠪᠢ ᠢᠮᠠᠭᠲᠠ ᠦᠵᠡᠳᠡᠭ᠃ ᠳᠤᠮᠳᠠᠳᠤ | ᠠᠮᠧᠷᠢᠺᠠ ᠬᠤᠶᠠᠷ ᠤᠯᠤᠰ ᠡᠭᠦᠨ ᠳᠤ ᠦᠯᠢᠬᠡᠷ ᠳᠠᠭᠤᠷᠢᠶᠠᠯ ᠦᠵᠡᠭᠦᠯᠵᠦ᠂ ᠳᠡᠯᠡᠬᠡᠢ ᠶᠢᠨ ᠡᠩᠬᠡ ᠲᠠᠶᠢᠪᠤᠩ ᠳᠤ | ᠬᠠᠷᠢᠭᠤᠴᠠᠯᠭ᠎ᠠ ᠡᠭᠦᠷᠭᠡᠯᠡᠵᠦ᠂ ᠡᠯ᠎ᠡ ᠤᠯᠤᠰ ᠤᠨ ᠬᠥᠭᠵᠢᠯᠲᠡ ᠳᠤ ᠠᠵᠠ ᠲᠣᠬᠢᠶᠠᠯ ᠡᠭᠦᠳᠴᠦ᠂ ᠪᠦᠬᠦ ᠪᠥᠮᠪᠥᠷᠴᠡᠭ ᠲᠤ | ᠤᠯᠠᠨ ᠨᠡᠶᠢᠲᠡ ᠶᠢᠨ ᠦᠢᠯᠡᠳᠭᠦᠨ ᠬᠠᠩᠭᠠᠵᠤ᠂ ᠳᠡᠯᠡᠬᠡᠢ ᠶᠢᠨ ᠪᠦᠯᠬᠦᠮᠳᠡᠯ ᠳᠤ ᠢᠳᠡᠪᠬᠢᠲᠡᠢ ᠦᠢᠯᠡᠳᠦᠯ ᠦᠵᠡᠭᠦᠯᠪᠡᠯ | ᠵᠣᠬᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠢ ᠶᠡᠷᠦᠩᠬᠡᠶᠢᠯᠡᠭᠴᠢ ᠪᠠᠶᠢᠳᠧᠨ ᠲᠠᠢ ᠯᠤᠰ ᠠᠩᠵᠤᠯᠤᠰ ᠲᠤ ᠠᠭᠤᠯᠵᠠᠬᠤ ᠳᠠᠭᠠᠨ᠂ ᠵᠥᠪ | ᠲᠠᠨᠢᠯᠲᠠ ᠶᠢ ᠬᠠᠮᠲᠤ ᠪᠠᠷ ᠪᠤᠢ ᠪᠣᠯᠭᠠᠬᠤ᠂ ᠵᠥᠷᠢᠯᠳᠦᠭᠡᠨ ᠢᠶᠠᠨ ᠬᠠᠮᠲᠤ ᠪᠠᠷ ᠪᠦᠲᠦᠮᠵᠢᠲᠡᠢ ᠬᠠᠮᠢᠶᠠᠷᠤᠨ ᠡᠵᠡᠮᠳᠡᠬᠦ᠂ | ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠬᠠᠮᠲᠤ ᠪᠠᠷ ᠠᠬᠢᠭᠤᠯᠬᠤ᠂ ᠶᠡᠭᠡ ᠤᠯᠤᠰ ᠤᠨ ᠬᠠᠷᠢᠭᠤᠴᠠᠯᠭ᠎ᠠ ᠶᠢ ᠬᠠᠮᠲᠤ ᠪᠠᠷ | ᠡᠭᠦᠷᠭᠡᠯᠡᠬᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠬᠠᠮᠲᠤ ᠪᠠᠷ ᠠᠬᠢᠭᠤᠯᠬᠤ 5 ᠲᠤᠯᠭᠠᠭᠤᠷᠢᠯᠠᠯ ᠢ ᠳᠤᠷᠠᠳᠤᠭᠰᠠᠨ | ᠪᠠᠶᠢᠨ᠎ᠠ᠃ ᠡᠨᠡ ᠪᠣᠯ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠨᠡ ᠲᠣᠮᠣ ᠠᠰᠠᠷ ᠤᠨ ᠪᠠᠶᠢᠪᠠᠰᠤ ᠵᠣᠬᠢᠬᠤ ᠳᠥᠷᠪᠡᠨ | ᠨᠢᠷᠤᠭᠤ ᠨᠠᠢᠮᠠᠨ ᠲᠤᠯᠭᠠᠭᠤᠷᠢ ᠮᠥᠨ᠃ ᠶᠡᠭᠡ ᠵᠠᠷᠴᠢᠮ ᠢ ᠲᠣᠭᠲᠠᠭᠠᠴᠢᠬᠠᠪᠠᠯ ᠪᠤᠰᠤᠳ ᠠᠰᠠᠭᠤᠳᠠᠯ ᠠᠮᠠᠷᠬᠠᠨ ᠪᠣᠯᠴᠢᠬᠠᠨ᠎ᠠ | ᠃ ᠳᠤᠮᠳᠠᠳᠤ ᠤᠮᠤᠰ ᠳᠤᠷᠠᠲᠠᠶ᠎ᠠ ᠬᠠᠮᠲᠤᠷᠠᠨ ᠠᠵᠢᠯᠯᠠᠨ᠎ᠠ᠂ ᠭᠡᠪᠡᠴᠦ ᠬᠠᠮᠲᠤᠷᠠᠨ ᠠᠵᠢᠯᠯᠠᠬᠤ ᠨᠢ ᠬᠤᠤᠰ ᠴᠢᠭᠯᠡᠯ ᠲᠠᠢ | ᠪᠠᠶᠢᠪᠠᠯ ᠵᠤᠬᠢᠨ᠎ᠠ᠃ ᠪᠢᠳᠡ ᠥᠷᠢᠰᠥᠯᠳᠦᠭᠡᠨ ᠠᠴᠠ ᠠᠶᠤᠬᠤ ᠦᠭᠡᠢ᠂ ᠭᠡᠪᠡᠴᠦ ᠥᠷᠢᠰᠥᠯᠳᠦᠭᠡᠨ ᠪᠣᠯ ᠬᠠᠮᠲᠤ ᠶᠢᠨ | ᠳᠠᠪᠰᠢᠯᠲᠠ ᠪᠠᠶᠢᠪᠠᠯ ᠵᠤᠬᠢᠨ᠎ᠠ᠂ ᠬᠠᠷᠢᠨ ᠦᠯᠦ ᠡᠪᠰᠡᠬᠦ ᠦᠵᠡᠯᠴᠡᠭᠡᠨ ᠪᠢᠰᠢ ᠶᠤᠮ᠃ ᠳᠤᠮᠳᠠᠳᠤ ᠶᠢᠨ ᠲᠠᠯ᠎ᠠ ᠬᠤᠯᠪᠣᠭ᠎ᠠ | ᠪᠠᠶᠢᠭᠤᠯᠬᠤ ᠦᠭᠡᠢ ᠪᠠᠶᠢᠬᠤ ᠶᠢ ᠪᠠᠷᠢᠮᠲᠠᠯᠠᠨ᠎ᠠ᠂ ᠠᠮᠧᠷᠢᠺᠠ ᠶᠢᠨ ᠲᠠᠯ᠎ᠠ ᠴᠤ ︽ᠵᠢᠵᠢᠭ ᠪᠦᠯᠬᠦᠮ︾ ᠪᠠᠶᠢᠭᠤᠯᠵᠤ ᠪᠣᠯᠬᠤ | ᠦᠭᠡᠢ᠃ ᠬᠤᠶᠠᠷ ᠲᠠᠯ᠎ᠠ ᠪᠠᠷ ᠢᠶᠠᠨ ᠪᠦᠷ ᠥᠪᠡᠷ ᠤᠨ ᠨᠠᠶᠢᠵᠠ ᠪᠠ ᠬᠠᠨᠢᠲᠠᠨ ᠲᠠᠢ ᠪᠠᠶᠢᠵᠤ ᠪᠣᠯᠤᠨ᠎ᠠ᠂ ᠨᠦᠭᠦᠭᠡ | ᠡᠲᠡᠭᠡᠳ ᠲᠡᠭᠡᠨ ᠴᠢᠭᠯᠡᠭᠦᠯᠵᠦ ᠪᠣᠯᠬᠤ ᠦᠭᠡᠢ᠂ ᠨᠦᠭᠦᠭᠡ ᠡᠲᠡᠭᠡᠳ ᠢᠶᠠᠨ ᠡᠰᠡᠷᠭᠦᠴᠡᠵᠦ ᠪᠣᠯᠬᠤ ᠦᠭᠡᠢ᠂ ᠨᠦᠭᠦᠭᠡ | ᠡᠲᠡᠭᠡᠳ ᠢᠶᠠᠨ ᠬᠤᠬᠢᠷᠠᠭᠤᠯᠵᠤ ᠪᠣᠯᠬᠤ ᠦᠭᠡᠢ᠃ ᠳᠤᠮᠳᠠᠳᠤ ᠶᠢᠨ ᠲᠠᠯ᠎ᠠ ᠨᠢᠭᠡᠨ ᠢᠲᠡᠭᠡᠯ ᠲᠠᠢ ᠨᠡᠭᠡᠭᠡᠯᠲᠡ ᠲᠠᠢ᠂ ᠴᠡᠴᠡᠭᠯᠡᠨ | ᠬᠥᠭᠵᠢᠭᠰᠡᠨ ᠠᠮᠧᠷᠢᠺᠠ ᠶᠢ ᠣᠯᠵᠤ ᠬᠠᠷᠠᠬᠤ ᠳᠤᠷᠠᠲᠠᠶ᠂ ᠠᠮᠧᠷᠢᠺᠠ ᠶᠢᠨ ᠲᠠᠯ᠎ᠠ ᠶᠢᠨ ᠬᠢᠨ ᠪᠠᠰᠠ ᠳᠤᠮᠳᠠᠳᠤ ᠤᠯᠤᠰ ᠤᠨ | ᠬᠥᠭᠵᠢᠯᠲᠡ ᠳᠤ ᠢᠳᠡᠪᠬᠢᠲᠡᠶ ᠵᠥᠪ ᠢᠶᠠᠷ ᠬᠠᠨᠳᠤᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠲᠤ ︽ᠤᠷᠤᠭᠰᠢᠯᠠᠬᠤ ᠦᠭᠡᠢ ᠪᠣᠯ ᠤᠬᠤᠷᠢᠨ᠎ᠠ︾ ᠭᠡᠳᠡᠭ ᠦᠭᠡ ᠪᠠᠶᠢᠳᠠᠭ᠃ | ᠳᠤᠮᠳᠠᠳᠤ ᠠᠮᠧᠷᠢᠺᠠ ᠶᠢᠨ ᠬᠠᠷᠢᠯᠴᠠᠭ᠎ᠠ ᠴᠤ ᠡᠶᠢᠮᠦ ᠪᠠᠶᠢᠳᠠᠭ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠲᠣᠭᠲᠠᠭᠤᠨ | ᠪᠣᠯᠬᠤ ᠬᠠᠨᠳᠤᠰᠢ ᠬᠢᠯᠪᠠᠷ ᠪᠤᠰᠤ ᠪᠠᠷ ᠢᠷᠡᠭᠰᠡᠨ ᠶᠤᠮ᠃ ᠬᠤᠶᠠᠷ ᠲᠠᠯ᠎ᠠ ᠶᠢᠨ ᠪᠦᠯᠬᠦᠮ ᠦᠷᠭᠦᠯᠵᠢᠯᠡᠨ ᠴᠢᠷᠮᠠᠶᠢᠵᠤ᠂ ᠮᠢᠨᠦ | ᠶᠡᠷᠦᠩᠬᠡᠶᠢᠯᠡᠭᠴᠢ ᠪᠠᠶᠢᠳᠧᠨ ᠲᠠᠢ ᠲᠤᠬᠢᠷᠠᠯᠴᠠᠭᠰᠠᠠ ︽ᠰᠠᠨ ᠹᠷᠠᠨᠰᠢᠰᠺᠦ ᠶᠢᠨ ᠬᠦᠰᠡᠯ ᠪᠠᠷᠠᠯᠠᠯ︾ ᠢ ᠢᠳᠡᠪᠬᠢᠲᠡᠢ | ᠨᠠᠶᠢᠳᠠᠪᠤᠷᠢᠵᠢᠭᠤᠯᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠦᠨᠡᠨ ᠬᠦ ᠲᠣᠭᠲᠠᠪᠤᠷᠢᠵᠢᠭᠤᠯᠵᠤ᠂ ᠰᠠᠶᠢᠵᠢᠷᠠᠭᠤᠯᠵᠤ᠂ | ᠤᠷᠤᠭᠰᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠪᠦᠯᠢᠨᠺᠧᠨ ᠡᠩ ᠲᠡᠷᠢᠭᠦᠨ ᠳᠤ ᠶᠡᠷᠦᠩᠬᠡᠶᠢᠯᠡᠭᠴᠢ ᠪᠠᠶᠢᠳᠧᠨ ᠤ ᠲᠡᠷᠢᠭᠦᠯᠡᠭᠴᠢ ᠰᠢ ᠶᠢᠨ ᠫᠢᠩ ᠳᠤ ᠮᠡᠨᠳᠦᠴᠢᠯᠡᠯ | ᠬᠦᠷᠭᠡᠵᠦ ᠪᠠᠶᠢᠬᠤ ᠶᠢ ᠳᠠᠮᠵᠢᠭᠤᠯᠵᠤ᠂ ᠶᠡᠷᠦᠩᠬᠡᠶᠢᠯᠡᠭᠴᠢ ᠪᠠᠶᠢᠳᠤᠨ ᠪᠣᠯᠤᠨ ᠲᠡᠷᠢᠭᠦᠯᠡᠭᠴᠢ ᠰᠢ ᠶᠢᠨ ᠫᠢᠩ ᠰᠠᠨ | ᠹᠷᠠᠨᠰᠢᠰᠺᠦ ᠳᠤ ᠠᠭᠤᠯᠵᠠᠯᠲᠠ ᠬᠢᠭᠰᠡᠨ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠶᠠᠪᠤᠯᠴᠠᠭ᠎ᠠ᠂ | ᠬᠤᠣᠷ ᠴᠠᠭᠠᠵᠠᠯᠠᠬᠤ᠂ ᠵᠣᠬᠢᠶᠠᠮᠠᠯ ᠤᠶᠤᠨ ᠴᠢᠳᠠᠪᠤᠷᠢ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠬᠦᠷᠢᠶᠡᠨ ᠤ | ᠬᠠᠮᠲᠤᠷᠠᠯᠴᠠᠭ᠎ᠠ ᠢᠳᠡᠪᠬᠢᠲᠡᠢ ᠠᠬᠢᠴᠠ ᠲᠠᠢ ᠪᠣᠯᠪᠠ᠃ ᠣᠳᠣᠬᠠᠨ ᠤ ᠳᠡᠯᠡᠬᠡᠢ ᠵᠢᠷᠲᠢᠨᠴᠦ ᠮᠠᠰᠢ ᠤᠯᠠᠨ ᠪᠤᠳᠤᠯᠢᠶᠠᠨᠲᠠᠢ | ᠥᠷᠢᠰᠥᠯᠳᠦᠭᠡᠨ ᠳᠤ ᠲᠤᠯᠭᠠᠷᠠᠵᠤ᠂ ᠪᠦᠷ ᠠᠮᠧᠷᠢᠺᠠ ᠳᠤᠮᠳᠠᠳᠤ ᠬᠤᠶᠠᠷ ᠤᠯᠤᠰ ᠤᠨ ᠬᠠᠮᠲᠤᠷᠠᠯᠴᠠᠨ ᠠᠷᠭᠠᠴᠠᠭᠠᠬᠤ ᠶᠢ | ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠲᠤ ᠠᠶᠢᠯᠴᠢᠯᠠᠬᠤ ᠬᠤᠭᠤᠴᠠᠭᠠᠨ ᠳᠤ ᠮᠢᠨᠦ ᠠᠭᠤᠯᠵᠠᠭᠰᠠᠨ ᠠᠮᠧᠷᠢᠺᠠ ᠶᠢᠨ | ᠡᠯ᠎ᠡ ᠡᠲᠡᠭᠡᠳ ᠤᠨ ᠳᠤᠮᠳᠠᠳᠤ ᠤᠯᠤᠰ ᠲᠤ ᠰᠠᠭᠤᠭ᠎ᠠ ᠬᠥᠮᠦᠰ ᠴᠦ ᠠᠮᠧᠷᠢᠺᠠ ᠳᠤᠮᠳᠠᠳᠤ ᠶᠢᠨ ᠬᠠᠷᠢᠯᠴᠠᠭ᠎ᠠ | ᠰᠠᠶᠢᠵᠢᠷᠠᠬᠤ ᠶᠢ ᠬᠦᠰᠡᠵᠦ ᠪᠠᠶᠢᠪᠠ᠃ ᠠᠮᠧᠷᠢᠺᠠ ᠶᠢᠨ ᠲᠠᠯ᠎ᠠ ᠶᠢᠨ ᠬᠢᠨ ︽ᠰᠢᠨ᠎ᠡ ᠬᠦᠢᠲᠡᠨ ᠳᠠᠶᠢᠨ︾ ᠢ ᠳᠡᠭᠳᠡᠭᠡᠬᠦ ᠦᠭᠡᠶ | ᠂ ᠳᠤᠮᠳᠠᠳᠤ ᠤᠯᠤᠰ ᠤᠨ ᠪᠠᠶᠢᠭᠤᠯᠤᠯ ᠢ ᠥᠭᠡᠷᠡᠴᠢᠯᠡᠬᠦ ᠦᠭᠡᠶ᠂ ᠳᠤᠮᠳᠠᠳᠤ ᠤᠯᠤᠰ ᠤᠨ ᠬᠥᠭᠵᠢᠯᠲᠡ ᠶᠢ ᠬᠤᠷᠢᠭᠯᠠᠬᠤ | ᠦᠭᠡᠶ᠂ ᠬᠤᠯᠪᠣᠭᠠᠨ ᠤ ᠬᠠᠷᠢᠯᠴᠠᠭ᠎ᠠ ᠪᠠᠷ ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠦᠭᠡᠶ᠂ ᠳᠤᠮᠳᠠᠳᠤ | ᠤᠯᠤᠰ ᠲᠠᠢ ᠮᠥᠷᠭᠦᠯᠳᠦᠭᠡᠨ ᠭᠠᠷᠬᠤ ᠶᠢ ᠵᠥᠪᠰᠢᠶᠡᠷᠡᠬᠦ ᠦᠭᠡᠶ᠃ ᠠᠮᠧᠷᠢᠺᠠ ᠶᠢᠨ ᠲᠠᠯ᠎ᠠ ᠶᠢᠨ ᠬᠢᠨ ᠨᠢᠭᠡ ᠳᠤᠮᠳᠠᠳᠤ | ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠯᠤᠭ᠎ᠠ ᠤᠯᠤᠯᠴᠠᠭ᠎ᠠ ᠪᠠᠨ ᠪᠠᠲᠤᠯᠠᠵᠤ᠂ | ᠬᠤᠶᠠᠷ ᠤᠯᠤᠰ ᠤᠨ ᠲᠡᠷᠢᠭᠦᠨ ᠤ ᠲᠤᠬᠢᠷᠠᠯᠴᠠᠭᠰᠠᠠ ᠰᠠᠨ ᠹᠷᠠᠨᠰᠢᠰᠺᠦ ᠶᠢᠨ ᠬᠠᠮᠲᠤ ᠶᠢᠨ ᠲᠠᠨᠢᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠨᠡᠩ ᠤᠯᠠᠨ ᠬᠠᠮᠲᠤᠷᠠᠯᠴᠠᠭ᠎ᠠ ᠶᠢ ᠡᠷᠢᠯᠬᠢᠯᠡᠵᠦ᠂ ᠪᠤᠷᠤᠭᠤ ᠣᠶᠢᠯᠠᠭᠠᠯᠲᠠ ᠪᠤᠷᠤᠭᠤ ᠮᠠᠭᠠᠳᠯᠠᠯᠲᠠ | ᠬᠢᠬᠦ ᠠᠴᠠ ᠵᠠᠶᠢᠯᠠᠰᠭᠢᠵᠦ᠂ ᠵᠥᠷᠢᠯᠳᠦᠭᠡᠨ ᠢᠶᠠᠨ ᠬᠠᠷᠢᠭᠤᠴᠠᠯᠭ᠎ᠠ ᠲᠠᠢ ᠪᠠᠷ ᠬᠠᠮᠢᠶᠠᠷᠤᠨ ᠡᠵᠡᠮᠳᠡᠵᠦ᠂ ᠠᠮᠧᠷᠢᠺᠠ | ᠳᠤᠮᠳᠠᠳᠤ ᠶᠢᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃ | ᠰᠢ ᠶᠢᠨ ᠫᠢᠩ ᠪᠦᠯᠢᠨᠺᠧᠨ ᠢᠶᠠᠷ ᠳᠠᠮᠵᠢᠭᠤᠯᠤᠨ ᠶᠡᠷᠦᠩᠬᠡᠶᠢᠯᠡᠭᠴᠢ ᠪᠠᠶᠢᠳᠧᠨ ᠳᠤ ᠮᠡᠨᠳᠦᠴᠢᠯᠡᠯ ᠳᠡᠪᠰᠢᠭᠦᠯᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 26 ᠤ ᠴᠠᠬᠢᠯᠭᠠᠨ ᠮᠡᠳᠡᠭᠡ︶ | |