4 ᠰᠠᠷ᠎ᠠ ᠶᠢᠨ 26 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠤᠨ ᠲᠠᠨᠽᠠᠨᠢᠶ᠎ᠠ ᠶᠢᠨ ᠶᠡᠷᠦᠩᠬᠡᠶᠢᠯᠡᠭᠴᠢ | ᠬᠠᠰᠠᠩ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 60 | ᠵᠢᠯ ᠤᠨ ᠣᠶ ᠶᠢ ᠪᠡᠯᠭᠡᠯᠡᠪᠡ᠃ | ᠰᠢ ᠶᠢᠨ ᠫᠢᠩ᠂ ᠳᠤᠮᠳᠠᠳᠤ ᠲᠠᠨᠽᠠᠨᠢᠶ᠎ᠠ ᠶᠢᠨ ᠤᠯᠠᠮᠵᠢᠯᠠᠯᠲᠤ ᠨᠥᠬᠦᠷᠯᠡᠯ ᠢ ᠬᠤᠶᠠᠷ ᠤᠯᠤᠰ ᠤᠨ ᠠᠬᠠᠮᠠᠳ ᠨᠢᠭᠡ | ᠦᠶ᠎ᠡ ᠶᠢᠨ ᠤᠳᠤᠷᠢᠳᠬᠤ ᠬᠥᠮᠦᠰ ᠪᠠᠶᠢᠭᠤᠯᠪᠠ᠃ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠲᠤᠷᠰᠢ᠂ ᠳᠤᠮᠳᠠᠳᠤ | ᠲᠠᠨᠽᠠᠨᠢᠶ᠎ᠠ ᠶᠢᠨ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠪᠠᠶᠢᠳᠠᠯ ᠤᠨ ᠰᠢᠯᠭᠠᠯᠲᠠ ᠶᠢ ᠥᠩᠭᠡᠷᠡᠭᠡᠵᠦ᠂ | ᠶᠠᠪᠤᠬᠤ ᠲᠤᠳᠤᠮ ᠪᠠᠬᠢᠵᠢᠪᠡ᠃ ᠤᠢᠢᠷ᠎ᠠ ᠶᠢᠨ ᠵᠢᠯ ᠠᠴᠠ᠂ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ | ᠦᠷᠭᠦᠯᠵᠢᠯᠡᠨ ᠪᠠᠬᠢᠵᠢᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠬᠥᠭᠵᠢᠵᠦ ᠪᠠᠶᠢᠭ᠎ᠠ | ᠤᠯᠤᠰ ᠤᠳ ᠤᠨ ᠬᠠᠮᠲᠤᠷᠠᠯᠴᠠᠭᠠᠨ ᠤ ᠦᠯᠢᠭᠡᠷ ᠳᠠᠭᠤᠷᠢᠶᠠᠯ ᠪᠣᠯᠪᠠ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ | ᠪᠢ ᠳᠤᠷᠠᠲᠠᠶ᠎ᠠ ᠶᠡᠷᠦᠩᠬᠡᠶᠢᠯᠡᠭᠴᠢ ᠠᠪᠠᠭ᠋ᠠᠢ ᠲᠠᠢ ᠬᠠᠮᠲᠤ ᠪᠠᠷ ᠴᠢᠷᠮᠠᠶᠢᠵᠤ ᠳᠤᠮᠳᠠᠳᠤ ᠲᠠᠨᠽᠠᠨᠢᠶ᠎ᠠ ᠶᠢᠨ ᠤᠯᠠᠮᠵᠢᠯᠠᠯᠲᠤ | ᠨᠥᠬᠦᠷᠯᠡᠯ ᠢ ᠦᠷᠭᠦᠯᠵᠢᠯᠡᠭᠦᠯᠵᠦ᠂ ᠳᠤᠮᠳᠠᠳᠤ ᠲᠠᠨᠽᠠᠨᠢᠶ᠎ᠠ ᠬᠤᠶᠠᠷ ᠤᠯᠤᠰ ᠤᠨ ᠬᠥᠭᠵᠢᠯ ᠮᠠᠨᠳᠤᠯ ᠤᠨ ᠬᠠᠮᠲᠤ ᠶᠢᠨ ᠬᠦᠰᠡᠯ | ᠵᠡᠭᠦᠳᠦ ᠪᠣᠯᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠦᠵᠡᠰᠭᠦᠯᠡᠩᠳᠤ ᠰᠠᠶᠢᠬᠠᠨ | ᠵᠢᠷᠤᠭ ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠥᠨᠳᠥᠷ | ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠨᠡᠩ ᠶᠡᠭᠡ | ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ | ᠬᠠᠰᠠᠩ᠂ ᠲᠠᠨᠽᠠᠨᠢᠶ᠎ᠠ ᠳᠤᠮᠳᠠᠳᠤ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠲᠤᠷᠰᠢ᠂ ᠬᠤᠶᠠᠷ ᠤᠯᠤᠰ ᠤᠨ | ᠪᠦᠯᠬᠦᠮᠳᠡᠯ ᠨᠥᠬᠦᠷᠯᠡᠯ ᠪᠣᠯᠤᠨ ᠦᠨᠡᠨᠴᠢ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠦ᠂ ᠬᠤᠶᠠᠷ ᠲᠠᠯ᠎ᠠ ᠪᠠᠷ ᠢᠶᠠᠨ | ᠡᠷᠬᠡ ᠮᠡᠳᠡᠯ ᠪᠣᠯᠤᠨ ᠨᠤᠲᠤᠭ ᠳᠡᠪᠢᠰᠭᠡᠷ ᠤᠨ ᠪᠦᠷᠢᠨ ᠪᠦᠲᠦᠨ ᠪᠠᠶᠢᠬᠤ ᠶᠢ ᠬᠠᠷᠢᠯᠴᠠᠨ ᠬᠦᠨᠳᠦᠳᠭᠡᠵᠦ᠂ ᠬᠤᠶᠠᠷ ᠲᠠᠯᠠᠳᠤ | ᠪᠠ ᠤᠯᠠᠨ ᠲᠠᠯᠠᠳᠤ ᠬᠡᠷᠡᠭ ᠶᠠᠪᠤᠳᠠᠯ ᠳᠤᠮᠳᠠ ᠬᠠᠷᠢᠯᠴᠠᠨ ᠳᠡᠮᠵᠢᠭᠰᠡᠭᠡᠷ ᠢᠷᠡᠪᠡ᠃ ᠲᠠᠨᠽᠠᠨᠢᠶ᠎ᠠ ᠶᠢᠨ ᠬᠢᠨ ᠳᠤᠮᠳᠠᠳᠤ ᠤᠯᠤᠰ | ᠴᠠᠭ ᠦᠶ᠎ᠡ ᠶᠢ ᠵᠠᠭᠠᠭᠯᠠᠭᠰᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠡᠶᠡᠯᠡᠭᠦᠯᠦᠭᠰᠡᠨ ᠢ | ᠪᠢᠰᠢᠷᠡᠵᠦ᠂ ᠬᠥᠭᠵᠢᠯᠲᠡ ᠶᠢᠨ ᠬᠦᠷᠢᠶᠡᠨ ᠳᠤ ᠦᠵᠡᠭᠦᠯᠦᠭᠰᠡᠨ ᠳᠤᠮᠳᠠᠳᠤ ᠤᠯᠤᠰ ᠤᠨ ᠳᠡᠮᠵᠢᠯᠭᠡ ᠳᠤ ᠭᠦᠨ ᠲᠠᠯᠠᠷᠬᠠᠵᠤ | ᠪᠠᠶᠢᠨ᠎ᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠵᠡᠷᠭᠡ ᠴᠢᠬᠤᠯᠠ ᠶᠡᠭᠡ ᠰᠠᠨᠠᠭᠠᠴᠢᠯᠠᠭ᠎ᠠ ᠶᠢ ᠡᠷᠡᠰ ᠭᠤᠶᠢᠪᠢᠰᠢ ᠦᠭᠡᠢ ᠳᠡᠮᠵᠢᠵᠦ᠂ | ᠲᠠᠨᠽᠠᠨᠢᠶ᠎ᠠ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ | ᠬᠠᠷᠢᠯᠴᠠᠭ᠎ᠠ ᠶᠢ ᠴᠢᠩᠭᠠᠳᠬᠠᠨ᠎ᠠ ᠭᠡᠵᠤ ᠢᠯᠡᠳᠭᠡᠵᠠᠢ᠃ | |