︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠠᠷᠠᠪ ᠬᠡᠯᠡᠨ ᠤ | ᠬᠡᠪᠯᠡᠯ ᠤᠨ ᠲᠠᠨᠢᠯᠴᠠᠭᠤᠯᠭ᠎ᠠ ᠶᠢᠨ ᠬᠤᠷᠠᠯ 24 ᠤ ᠡᠳᠦᠷ ᠶᠧᠵᠢᠫᠲ ᠤᠨ ᠨᠡᠶᠢᠰᠯᠡᠯ ᠺᠠᠶᠢᠷᠣ᠋ ᠳᠤ ᠶᠠᠪᠤᠭᠳᠠᠵᠤ᠂ ᠳᠤᠮᠳᠠᠳᠤ | ᠠᠷᠠᠪ ᠤᠨ ᠡᠯ᠎ᠡ ᠡᠲᠡᠭᠡᠳ ᠤᠨ ᠲᠥᠯᠥᠭᠡᠯᠡᠭᠴᠢ 100 ᠭᠠᠷᠤᠢ ᠬᠥᠮᠦᠨ ᠬᠤᠷᠠᠯ ᠳᠤ ᠣᠷᠣᠯᠴᠠᠪᠠ᠃ | ᠶᠧᠵᠢᠫᠲ ᠤᠨ ᠤᠤᠯ ᠤᠨ ᠶᠡᠷᠦᠩᠬᠡᠢ ᠰᠠᠶᠢᠳ ᠠᠶᠢᠰᠠᠮᠦ᠋ · ᠰᠢᠶᠧᠯᠠᠹᠦ᠋᠂ ︽ᠰᠢ ᠶᠢᠨ ᠫᠢᠩ ᠲᠦᠷᠦ ᠶᠢ ᠵᠠᠰᠠᠵᠤ | ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠳᠡᠯᠡᠬᠡᠢ ᠨᠡᠶᠢᠭᠡᠮ ᠳᠤ ᠳᠤᠮᠳᠠᠳᠤ ᠤᠯᠤᠰ ᠤᠨ ᠠᠯᠤᠰ ᠤᠨ | ᠲᠥᠰᠦᠪ ᠢ ᠲᠣᠳᠣᠷᠬᠠᠢ ᠵᠢᠷᠤᠭᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠷᠰᠢᠯᠭ᠎ᠠ ᠶᠢ | ᠥᠴᠦᠬᠡᠨ ᠴᠦ ᠦᠯᠡᠳᠡᠭᠡᠯ ᠦᠭᠡᠢ ᠬᠤᠪᠢᠶᠠᠯᠴᠠᠵᠤ᠂ ᠤᠩᠰᠢᠭᠴᠢᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠡᠩ ᠣᠨᠣᠪᠴᠢᠲᠠᠢ ᠣᠶᠢᠯᠠᠭᠠᠵᠤ᠂ | ᠳᠤᠮᠳᠠᠳᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠲᠦᠷᠦ ᠶᠢᠨ ᠪᠤᠳᠤᠯᠭ᠎ᠠ ᠶᠢ ᠣᠶᠢᠯᠠᠭᠠᠬᠤ ᠳᠤ ᠲᠤᠰᠠᠲᠠᠢ | ᠪᠠᠶᠢᠵᠤ᠂ ᠢᠲᠡᠭᠡᠮᠵᠢᠲᠡᠢ᠂ ᠬᠠᠶᠢᠷᠠᠯᠠᠯᠲᠠᠢ᠂ ᠬᠦᠨᠳᠦᠳᠭᠡᠭᠦᠰᠢᠲᠡᠢ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠲᠦᠷᠢ | ᠲᠥᠷᠬᠦ ᠶᠢ ᠢᠯᠡᠷᠡᠭᠦᠯᠦᠭᠰᠡᠨ ᠶᠤᠮ ᠭᠡᠵᠦ ᠢᠯᠡᠳᠭᠡᠪᠡ᠃ | ᠠᠷᠠᠪ ᠤᠨ ᠤᠯᠤᠰ ᠤᠳ ᠤᠨ ᠬᠤᠯᠪᠣᠭ᠎ᠠ ᠶᠢᠨ ᠲᠤᠰᠠᠯᠠᠭᠴᠢ ᠨᠠᠷᠢᠨ ᠪᠢᠴᠢᠭ ᠤᠨ ᠳᠠᠷᠤᠭ᠎ᠠ ᠾᠸᠥᠰᠠᠶᠢᠶ᠋ᠢᠨ · ᠬᠠᠳᠠᠸᠧᠢ | ᠪᠠᠶᠠᠷ ᠤᠨ ᠦᠭᠡ ᠳᠡᠭᠡᠨ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ | ᠨᠣᠮ ᠳᠤ ᠳᠤᠮᠳᠠᠳᠤ ᠤᠯᠤᠰ ᠤᠨ ᠪᠣᠷᠣᠭᠵᠢᠭᠤᠨ ᠪᠥᠭᠡᠳ ᠰᠣᠩᠭᠤᠳᠠᠭ᠂ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ | ᠤᠢᠢᠯᠠᠭᠠᠭᠳᠠᠬᠤᠨ ᠭᠦᠢᠴᠡᠳ ᠠᠭᠤᠯᠤᠭᠳᠠᠵᠤ᠂ ᠪᠦᠬᠦ ᠳᠡᠯᠡᠬᠡᠢ ᠶᠢᠨ ᠬᠡᠪᠴᠢᠶᠡᠨ ᠳᠤ ᠦᠯᠢᠭᠡᠷ ᠳᠠᠭᠤᠷᠢᠶᠠᠯ ᠪᠣᠯᠵᠠᠢ ᠭᠡᠵᠦ | ᠢᠯᠡᠳᠭᠡᠪᠡ᠃ | ᠠᠷᠠᠪ ᠤᠨ ᠬᠡᠪᠯᠡᠯ ᠤᠨ ᠬᠤᠳᠠᠯᠳᠤᠭᠠᠴᠢᠨ ᠤ ᠨᠡᠶᠢᠭᠡᠮᠯᠢᠭ ᠤᠨ ᠲᠡᠷᠢᠭᠦᠯᠡᠭᠴᠢ ᠮᠦᠬᠠᠨᠮᠦᠳ᠋ · ᠯᠠᠶᠢᠱᠠᠳ᠋᠂ ︽ᠰᠢ ᠶᠢᠨ | ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠢ ᠤᠩᠰᠢᠬᠤ ᠪᠠᠷ ᠳᠠᠮᠵᠢᠨ᠂ ᠠᠷᠠᠪ ᠤᠨ | ᠤᠩᠰᠢᠭᠴᠢᠳ ᠲᠡᠷᠢᠭᠦᠯᠡᠭᠴᠢ ᠰᠢ ᠶᠢᠨ ᠫᠢᠩ ᠤᠨ ᠤᠯᠤᠰ ᠲᠦᠷᠦ ᠶᠢᠨ ᠦᠵᠡᠯᠲᠡ᠂ ᠦᠵᠡᠯ ᠰᠠᠨᠠᠭ᠎ᠠ ᠤᠨᠤᠯ ᠪᠣᠯᠤᠨ | ᠲᠦᠷᠦ ᠶᠢ ᠵᠠᠰᠠᠵᠤ ᠵᠠᠰᠠᠭ ᠢ ᠡᠷᠬᠢᠯᠡᠬᠦ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠣᠶᠢᠯᠠᠭᠠᠵᠤ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠪᠠᠶᠠᠯᠢᠭ ᠠᠭᠤᠯᠤᠭᠳᠠᠬᠤᠨ ᠵᠢᠴᠢ ᠴᠢᠬᠤᠯᠠ ᠦᠨ᠎ᠡ ᠦᠷᠲᠡᠭ ᠢ ᠭᠦᠨᠵᠡᠭᠡᠢ ᠣᠶᠢᠯᠠᠭᠠᠵᠤ | ᠪᠣᠯᠤᠨ᠎ᠠ ᠭᠡᠵᠦ ᠦᠵᠡᠪᠡ᠃ | ᠳᠤᠮᠳᠠᠳᠤ ᠤᠯᠤᠰ ᠤᠨ ᠭᠠᠳᠠᠭᠠᠳᠤ ᠬᠡᠯᠡᠨ ᠤ ᠬᠡᠪᠯᠡᠨ ᠲᠠᠷᠬᠠᠭᠠᠬᠤ ᠦᠢᠯᠡᠰ ᠤᠨ ᠲᠣᠪᠴᠢᠶᠠᠨ ᠤ ᠳᠠᠷᠤᠭ᠎ᠠ ᠳ᠋ᠦ᠋ ᠵᠠᠨ | ᠶᠤᠸᠠᠨ ᠲᠠᠨᠢᠯᠴᠠᠭᠤᠯᠬᠤ ᠬᠤᠷᠠᠯ ᠳᠡᠭᠡᠷ᠎ᠡ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ | ᠶᠠᠷᠢᠭᠰᠠᠨ ᠨᠢ︾ ᠭᠡᠬᠦ ᠨᠣᠮ ᠳᠡᠯᠡᠬᠡᠢ ᠳ᠋ᠠᠬᠢᠨ ᠳᠤ ᠳᠤᠮᠳᠠᠳᠤ ᠤᠯᠤᠰ ᠢ ᠣᠶᠢᠯᠠᠭᠠᠬᠤ ︽ᠦᠵᠡᠯ ᠰᠠᠨᠠᠭᠠᠨ ᠤ ᠴᠣᠩᠬᠤᠪᠴᠢ︾ | ᠬᠡᠮᠡᠭᠳᠡᠭᠰᠡᠭᠡᠷ ᠢᠷᠡᠵᠠᠢ᠂ ᠡᠯ᠎ᠡ ᠤᠯᠤᠰ ᠤᠨ ᠤᠩᠰᠢᠭᠴᠢᠳ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠲᠦᠷᠦ ᠶᠢ ᠵᠠᠰᠠᠵᠤ ᠵᠠᠰᠠᠭ ᠢ ᠡᠷᠬᠢᠯᠡᠬᠦ ᠠᠷᠭ᠎ᠠ ᠪᠤᠳᠤᠯᠭ᠎ᠠ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ | ᠪᠣᠯᠪᠠᠰᠤᠨ ᠢ ᠣᠶᠢᠯᠠᠭᠠᠬᠤ ᠡᠷᠬᠡ ᠰᠦᠷᠲᠦ ᠤᠩᠰᠢᠬᠤ ᠪᠢᠴᠢᠭ ᠪᠤᠯᠤᠨ᠎ᠠ᠃ ᠲᠡᠷᠢᠭᠦᠯᠡᠭᠴᠢ ᠰᠢ ᠶᠢᠨ ᠫᠢᠩ ᠤᠨ ᠴᠢᠬᠤᠯᠠ | ᠥᠭᠦᠯᠡᠯᠲᠡ ᠳᠤ ᠠᠷᠠᠳ ᠲᠦᠮᠡᠨ ᠢ ᠳᠡᠭᠡᠳᠦᠯᠡᠬᠦ ᠦᠷᠳᠡᠭ ᠤᠨ ᠬᠠᠨᠳᠤᠰᠢ ᠶᠢ ᠠᠬᠤᠭᠤᠯᠵᠤ᠂ ᠤᠯᠤᠰ ᠤᠨ ᠵᠠᠰᠠᠯᠲᠠ | ᠳᠤᠮᠳᠠᠬᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠯᠡᠷᠡᠭᠦᠯᠪᠡ︔ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠣᠲᠣᠭᠠᠳᠤ ᠯᠣᠭᠢᠭ ᠢ ᠢᠯᠡᠷᠡᠭᠦᠯᠵᠦ᠂ ᠬᠥᠭᠵᠢᠵᠦ ᠪᠠᠶᠢᠭ᠎ᠠ | ᠤᠯᠤᠰ ᠤᠳ ᠤᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠳᠤ ᠲᠤᠯᠢ ᠪᠣᠯᠭᠠᠵᠤ ᠰᠡᠩᠬᠡᠷᠡᠭᠦᠯᠦᠯ ᠬᠠᠩᠭᠠᠪᠠ | ᠭᠡᠵᠦ ᠢᠯᠡᠳᠭᠡᠪᠡ᠃ | ᠶᠧᠵᠢᠫᠲ ᠲᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠯᠢᠶᠣᠤ ᠯᠢ ᠴᠢᠶᠠᠩ ᠪᠠᠶᠠᠷ ᠤᠨ ᠦᠭᠡ ᠳᠡᠭᠡᠨ᠂ ︽ | ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠪᠣᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠲᠠᠶᠢᠯᠪᠤᠷᠢᠯᠠᠬᠤ ᠵᠦᠭᠯᠡᠭᠦᠷ ᠮᠥᠨ᠂ ᠳᠤᠮᠳᠠᠳᠤ ᠤᠯᠤᠰ ᠤᠨ ᠲᠤᠮᠤ ᠤᠯᠤᠰ ᠤᠨ | ᠡᠭᠦᠷᠭᠡᠯᠡᠯ ᠢ ᠣᠶᠢᠯᠠᠭᠠᠬᠤ ᠲᠤᠯᠢ ᠮᠥᠨ᠂ ᠳᠤᠮᠳᠠᠳᠤ ᠤᠯᠤᠰ ᠤᠨ ᠤᠳᠤᠷᠢᠳᠤᠭᠴᠢ ᠶᠢᠨ ᠬᠥᠮᠦᠨ ᠴᠢᠨᠠᠷ ᠤᠨ ᠷᠢᠳᠢ | ᠰᠢᠳᠢ ᠶᠢ ᠣᠶᠢᠯᠠᠭᠠᠬᠤ ᠴᠤᠩᠬᠤᠪᠴᠢ ᠮᠥᠨ᠃ ᠲᠡᠷᠢᠭᠦᠯᠡᠭᠴᠢ ᠰᠢ ᠶᠢᠨ ᠫᠢᠩ ᠤᠨ ᠠᠯᠢ ᠤᠯᠠᠨ ᠰᠣᠳᠣ ᠮᠡᠷᠭᠡᠨ ᠰᠢᠨ᠎ᠡ | ᠣᠶᠢᠯᠠᠭᠠᠭᠳᠠᠬᠤᠨ ᠰᠢᠨ᠎ᠡ ᠰᠠᠨᠠᠭᠠᠴᠢᠯᠠᠭ᠎ᠠ ᠨᠢ ᠳᠤᠮᠳᠠᠳᠤ ᠤᠯᠤᠰ ᠤᠨ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ | ᠵᠠᠮᠨᠠᠬᠤ ᠡᠷᠡᠰ ᠵᠣᠷᠢᠭ ᠢ ᠲᠤᠩᠬᠠᠭᠯᠠᠵᠤ᠂ ᠳᠤᠮᠳᠠᠳᠤ ᠤᠯᠤᠰ ᠤᠨ ᠬᠥᠭᠵᠢᠯᠲᠡ ᠪᠠᠷ ᠳᠡᠯᠡᠬᠡᠢ ᠳ᠋ᠠᠬᠢᠨ ᠳᠤ ᠪᠤᠶᠠᠨ ᠦᠢᠯᠡᠳᠬᠦ | ᠴᠢᠩ ᠦᠨᠡᠨᠴᠢ ᠬᠦᠰᠡᠯ ᠡᠷᠡᠮᠡᠯᠵᠡᠯ ᠢ ᠢᠯᠡᠳᠭᠡᠵᠡᠢ ᠭᠡᠵᠦ ᠢᠯᠡᠳᠭᠡᠪᠡ᠃ | ᠲᠠᠨᠢᠯᠴᠠᠭᠤᠯᠭ᠎ᠠ ᠶᠢᠨ ᠬᠤᠷᠠᠯ ᠢ ᠳᠤᠮᠳᠠᠳᠤ ᠤᠯᠤᠰ ᠤᠨ ᠭᠠᠳᠠᠭᠠᠳᠤ ᠬᠡᠯᠡᠨ ᠤ ᠬᠡᠪᠯᠡᠨ ᠲᠠᠷᠬᠠᠭᠠᠬᠤ ᠦᠢᠯᠡᠰ ᠤᠨ | ᠲᠣᠪᠴᠢᠶ᠎ᠠ᠂ ᠶᠧᠵᠢᠫᠲ ᠲᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠤᠨ ᠶᠠᠮᠤᠨ ᠠᠴᠠ ᠭᠤᠣᠯᠯᠠᠨ ᠡᠷᠬᠢᠯᠡᠵᠥ᠂ | ᠭᠠᠳᠠᠭᠠᠳᠤ ᠬᠡᠯᠡᠨ ᠤ ᠬᠡᠪᠯᠡᠯ ᠤᠨ ᠬᠤᠷᠢᠶ᠎ᠠ᠂ ᠳᠤᠮᠳᠠᠳᠤ ᠤᠯᠤᠰ ᠤᠨ ᠭᠠᠳᠠᠭᠠᠳᠤ ᠬᠡᠯᠡᠨ ᠤ ᠬᠡᠪᠯᠡᠨ ᠲᠠᠷᠬᠠᠭᠠᠬᠤ | ᠦᠢᠯᠡᠰ ᠤᠨ ᠲᠣᠪᠴᠢᠶ᠎ᠠ ᠶᠢᠨ ᠪᠠᠷᠠᠭᠤᠨ ᠧᠦ᠋ᠷᠣᠫᠠ ᠪᠣᠯᠤᠨ ᠠᠹᠷᠢᠺᠠ ᠲᠢᠪ ᠤᠨ ᠳᠠᠮᠵᠢᠭᠤᠯᠭ᠎ᠠ ᠶᠢᠨ ᠲᠥᠪ ︵︽ | ᠥᠨᠥᠳᠦᠷ ᠤᠨ ᠳᠤᠮᠳᠠᠳᠤ ᠤᠯᠤᠰ︾ ᠰᠡᠳᠬᠦᠯ ᠤᠨ ᠬᠤᠷᠢᠶ᠎ᠠ︶ ᠳᠠᠭᠠᠭᠠᠴᠢᠯᠠᠨ ᠡᠷᠬᠢᠯᠡᠵᠥ᠂ ᠶᠧᠵᠢᠫᠲ ᠤᠨ ᠰᠢᠺᠧᠮᠠᠶᠢᠲ᠋ᠣ᠋ | ᠰᠣᠶᠣᠯ ᠤᠨ ᠠᠵᠤ ᠦᠢᠯᠡᠰ ᠤᠨ ᠪᠦᠯᠦᠭᠯᠡᠯ ᠬᠠᠮᠵᠢᠯᠴᠠᠨ ᠡᠷᠬᠢᠯᠡᠵᠥ᠂ ᠶᠧᠵᠢᠫᠲ ᠤᠨ ︽ᠦᠨᠳᠦᠰᠦᠨ ᠲᠦᠷᠢᠮ ᠰᠣᠨᠢᠨ︾ | ᠵᠠᠭᠤᠴᠢᠯᠠᠭᠤᠷ ᠤᠨ ᠬᠠᠮᠲᠤᠷᠠᠯᠴᠠᠭ᠎ᠠ ᠳᠤ ᠣᠷᠣᠯᠴᠠᠪᠠ᠃ | ︵ᠰᠢᠨᠬᠤᠸᠠ ᠬᠤᠷᠢᠶ᠎ᠠ ᠶᠢᠨ ᠺᠠᠶᠢᠷᠣ᠋ ᠶᠢᠨ 4 ᠰᠠᠷ᠎ᠠ ᠶᠢᠨ 26 ᠤ ᠴᠠᠬᠢᠯᠭᠠᠨ ᠮᠡᠳᠡᠭᠡ︶ | | | |