ᠯᠢ ᠴᠢᠶᠠᠩ 2024 ᠣᠨ ᠤ ᠪᠡᠭᠡᠵᠢᠩ ᠤᠨ ᠣᠯᠠᠨ ᠤᠯᠤᠰ ᠤᠨ ᠮᠠᠰᠢᠨ ᠲᠡᠷᠭᠡᠨ ᠤ ᠦᠵᠡᠰᠬᠦᠯᠡᠩ ᠤᠨ ᠴᠤᠭᠯᠠᠭᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠤᠶᠤᠨᠴᠢᠯᠠᠭᠰᠠᠨ ᠰᠦᠯᠵᠢᠶᠡᠨ ᠤ ᠬᠤᠯᠪᠣᠭᠠᠯᠠᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠶᠡᠬᠡᠪᠡᠷ ᠬᠥᠭᠵᠢᠭᠦᠯᠵᠦ ᠮᠠᠰᠢᠨ ᠲᠡᠷᠭᠡᠨ ᠤ ᠠᠵᠤ ᠦᠢᠯᠡᠰ ᠤᠨ ᠳᠡᠭᠡᠳᠦ ᠲᠡᠰᠴᠢᠯᠡᠭᠰᠡᠨ ᠤᠶᠤᠨᠴᠢᠯᠠᠭᠰᠠᠨ ᠪᠣᠬᠢᠷᠲᠤᠯ ᠦᠭᠡᠢ ᠳᠡᠰ ᠳᠡᠪᠰᠢᠬᠦ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/4/29
   ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 28᠎ ᠤ ᠡᠳᠦᠷ ᠤᠨ ᠴᠠᠬᠢᠯᠭᠠᠨ ᠮᠡᠳᠡᠭᠡ  ᠨᠠᠮ ᠤᠨ ᠳᠦᠪ ᠬᠤᠷᠢᠶᠠᠨ ᠤ ᠤᠯᠤᠰ ᠳᠦᠷᠤ ᠶᠢᠨ ᠲᠣᠪᠴᠢᠶᠠᠨ ᠤ ᠪᠠᠶᠢᠩᠬᠤ ᠶᠢᠨ ᠭᠡᠰᠢᠭᠦᠨ᠂ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 28᠎ ᠤ ᠡᠳᠦᠷ 2024 ᠣᠨ ᠤ ᠣᠯᠠᠨ ᠤᠯᠤᠰ ᠤᠨ ᠮᠠᠰᠢᠨ ᠲᠡᠷᠭᠡ ᠶᠢᠨ ᠣᠢᠵᠠᠰᠭᠦᠯᠠᠩ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠮᠠᠰᠢᠨ ᠲᠡᠷᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠣᠶᠤᠨᠴᠢ ᠰᠦᠯᠵᠢᠶᠡᠨ ᠤ ᠬᠤᠯᠪᠣᠭᠠᠯᠠᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠶᠡᠭᠡ ᠪᠠᠷ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠡᠭᠡᠭᠡᠯᠲᠡᠲᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠮᠠᠰᠢᠨ ᠲᠡᠷᠭᠡᠨ ᠤ ᠠᠵᠤ ᠦᠢᠯᠡᠰ ᠤᠨ ᠳᠡᠭᠡᠳᠦ ᠲᠡᠰᠵᠢᠯᠲᠡ᠂ ᠣᠶᠤᠨᠴᠢᠯᠠᠯᠲᠠ᠂ ᠪᠣᠬᠢᠷᠲᠤᠯ ᠦᠭᠡᠢ ᠳᠡᠰ ᠳᠡᠪᠰᠢᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠪᠠ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃    ︽ᠰᠢᠨ᠎ᠡ ᠴᠠᠭ ᠦᠶ᠎ᠡ ᠶᠢᠨ ᠰᠢᠨ᠎ᠡ ᠮᠠᠰᠢᠨ ᠲᠡᠷᠭᠡ︾᠎ ᠪᠠᠷ ᠭᠤᠣᠯ ᠰᠡᠳᠦᠪ ᠪᠣᠯᠭᠠᠭᠰᠠᠨ 2024 ᠪᠡᠭᠡᠵᠢᠩ ᠤᠨ ᠣᠯᠠᠨ ᠤᠯᠤᠰ ᠤᠨ ᠮᠠᠰᠢᠨ ᠲᠡᠷᠭᠡᠨ ᠤ ᠦᠵᠡᠰᠬᠦᠯᠡᠩ ᠪᠡᠭᠡᠵᠢᠩ ᠤᠨ ᠳᠤᠮᠳᠠᠳᠤ ᠤᠯᠤᠰ ᠤᠨ ᠣᠯᠠᠨ ᠤᠯᠤᠰ ᠤᠨ ᠦᠵᠡᠰᠬᠦᠯᠡᠩ ᠤᠨ ᠲᠥᠪ ᠲᠤ ᠶᠠᠪᠤᠭᠳᠠᠪᠠ᠃ ᠯᠢ ᠴᠢᠶᠠᠩ ᠦᠵᠡᠰᠬᠦᠯᠡᠩ ᠤᠨ ᠣᠷᠳᠣᠨ ᠳᠤ ᠬᠦᠷᠴᠦ᠂ ᠳ᠋ᠦᠩ ᠹᠧᠩ᠂ ᠪᠢ ᠶᠠ ᠳ᠋ᠢ᠂ ᡁᠢ ᠵᠢᠢ᠂ ᠪᠦᠦ ᠯᠠᠢ᠂ ᠵᠢᠢ ᠯᠢ᠂ ᠰᠢᠶᠣᠣ ᠮᠢ᠂ ᠰᠠᠢ ᠯᠢ ᠰᠧ᠂ ᠰᠢᠶᠣᠤ ᠫᠧᠩ ᠵᠡᠷᠭᠡ ᠮᠠᠰᠢᠨ ᠲᠡᠷᠭᠡᠨ ᠤ ᠲᠦᠷᠦᠯ ᠲᠡᠮᠳᠡᠭ ᠤᠨ ᠦᠵᠡᠭᠦᠯᠭᠡ ᠶᠢᠨ ᠲᠣᠭᠤᠷᠢᠭ ᠢᠶᠠᠷ ᠲᠣᠭᠤᠷᠢᠨ ᠦᠵᠡᠵᠦ᠂ ᠦᠵᠡᠰᠬᠦᠯᠡᠩ ᠳᠤ ᠣᠷᠣᠯᠴᠠᠭᠰᠠᠨ ᠮᠠᠰᠢᠨ ᠲᠡᠷᠭᠡᠨ ᠤ ᠬᠡᠯᠪᠡᠷᠢ ᠪᠣᠯᠤᠨ ᠮᠡᠷᠭᠡᠵᠢᠯ ᠤᠨ ᠦᠵᠡᠭᠦᠯᠭᠡ ᠶᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃    ᠯᠢ ᠴᠢᠶᠠᠩ ᠢᠯᠡᠷᠬᠡᠶᠢᠯᠡᠬᠦ ᠳᠡᠭᠡᠨ᠂ ᠲᠡᠷᠭᠡᠨ ᠦᠵᠡᠭᠦᠯᠦᠯᠭᠡ ᠶᠢ ᠦᠵᠡᠭᠡᠳ ᠮᠠᠰᠢ ᠶᠡᠭᠡ ᠵᠣᠷᠢᠭᠵᠢᠵᠤ᠂ ᠮᠠᠨ ᠤ ᠤᠯᠤᠰ ᠤᠨ ᠤᠶᠤᠨᠲᠤ ᠰᠦᠯᠵᠢᠶᠡᠨ ᠤ ᠬᠤᠯᠪᠣᠭᠠᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠭᠵᠢᠯᠲᠡ ᠶᠢᠨ ᠬᠠᠨᠳᠤᠰᠢ ᠴᠢᠩᠭ᠎ᠠ ᠪᠣᠯᠵᠤ᠂ ᠢᠯᠠᠩᠭᠤᠶ᠎ᠠ ᠪᠦᠷᠢᠨ ᠲᠡᠭᠦᠯᠳᠡᠷ ᠠᠵᠤ ᠦᠢᠯᠡᠰ ᠤᠨ ᠰᠢᠰᠲ᠋ᠧᠮ᠂ ᠦᠷᠭᠦᠯᠵᠢᠯᠡᠨ ᠰᠢᠨ᠎ᠡ ᠶᠢ ᠡᠭᠦᠳᠬᠦ ᠣᠷᠣᠭᠤᠯᠤᠯᠲᠠ ᠳᠤ ᠲᠦᠰᠢᠭᠯᠡᠨ᠂ ᠵᠠᠬ᠎ᠠ ᠳᠡᠯᠭᠡᠭᠦᠷ ᠤᠨ ᠥᠷᠢᠰᠥᠯᠳᠦᠭᠡᠨ᠂ ᠨᠡᠭᠡᠭᠡᠯᠲᠡ ᠬᠢᠵᠦ ᠬᠠᠮᠲᠤᠷᠠᠯᠴᠠᠬᠤ ᠳᠤᠮᠳᠠ ᠲᠡᠷᠢᠭᠦᠨ ᠤ ᠳᠠᠪᠠᠭᠤᠯᠢᠭ ᠢ ᠪᠦᠷᠢᠯᠳᠦᠭᠦᠯᠵᠦ᠂ ᠦᠷᠭᠦᠯᠵᠢᠯᠡᠨ ᠴᠢᠷᠮᠠᠶᠢᠵᠤ᠂ ᠡᠨᠡ ᠬᠦ ᠳᠠᠪᠠᠭᠤᠯᠢᠭ ᠢ ᠰᠠᠶᠢᠲᠤᠷ ᠪᠠᠲᠤᠯᠠᠵᠤ᠂ ᠰᠠᠶᠢᠲᠤᠷ ᠬᠥᠭᠵᠢᠭᠦᠯᠬᠦ ᠬᠡᠷᠡᠭᠲᠡᠢ ᠭᠡᠵᠡᠢ᠃ ᠲᠡᠷᠡ ᠵᠢᠭᠠᠵᠤ ᠭᠠᠷᠭᠠᠭᠰᠠᠨ ᠨᠢ᠂ ᠣᠳᠣᠬᠠᠨ ᠳᠤ ᠮᠠᠰᠢᠨ ᠲᠡᠷᠭᠡᠨ ᠤ ᠦᠢᠯᠡᠳᠬᠦᠨ ᠨᠢ ᠥᠩᠭᠡᠷᠡᠭᠰᠡᠨ ᠲᠠᠢ ᠨᠡᠯᠢᠶᠡᠳ ᠶᠡᠭᠡ ᠪᠣᠯᠵᠠᠢ᠂ ᠨᠢᠭᠡᠨᠲᠡ ᠳᠠᠩ ᠭᠠᠭᠴᠠ ᠵᠠᠮ ᠬᠠᠷᠢᠯᠴᠠᠭᠠᠨ ᠤ ᠪᠠᠭᠠᠵᠢ ᠪᠢᠰᠢ᠂ ᠬᠠᠷᠢᠨ ᠡᠯ᠎ᠡ ᠵᠦᠢᠯ ᠤᠨ ᠮᠡᠷᠭᠡᠵᠢᠯ ᠢ ᠶᠡᠷᠦᠩᠬᠡᠶᠢᠯᠡᠨ ᠬᠡᠷᠡᠭᠯᠡᠬᠦ ᠨᠡᠶᠢᠯᠡᠮᠡᠯ ᠰᠢᠰᠲ᠋ᠧᠮ ᠪᠣᠯᠵᠠᠢ᠃ ᠤᠶᠤᠨᠲᠤ ᠲᠣᠣᠷ ᠰᠦᠯᠵᠢᠶ᠎ᠡ ᠨᠢ ᠱᠢᠨ᠎ᠡ ᠡᠨᠧᠷᠭᠢ ᠶᠢᠨ ᠮᠠᠱᠢᠨ ᠲᠡᠷᠭᠡ ᠪᠣᠯ ᠮᠠᠱᠢᠨ᠂ ᠡᠯᠧᠺᠲᠷᠣᠨ᠂ ᠪᠣᠳᠣᠯᠲᠠ᠂ ᠣᠶᠢᠯᠠᠭᠠᠯᠲᠠ᠂ ᠦᠵᠡᠵᠦ ᠰᠣᠨᠣᠰᠬᠤ᠂ ᠡᠨᠧᠷᠭᠢ ᠬᠠᠳᠠᠭᠠᠯᠠᠬᠤ ᠵᠡᠷᠭᠡ ᠣᠯᠠᠨ ᠵᠦᠢᠯ ᠤᠨ ᠮᠡᠷᠭᠡᠵᠢᠯ ᠢ ᠨᠢᠭᠡ ᠴᠣᠭᠴᠠᠵᠢᠭᠤᠯᠤᠭᠰᠠᠨ ︽ᠶᠡᠭᠡ ᠨᠣᠮᠧᠷᠲᠤ ᠦᠵᠦᠭᠦᠷ︾ ᠪᠠᠶᠢᠵᠤ᠂ ᠮᠠᠱᠢᠨ ᠲᠡᠷᠭᠡᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠱᠢᠭᠦᠯᠬᠦ ᠭᠤᠣᠯ ᠴᠢᠭᠯᠡᠯ ᠪᠣᠯᠵᠣ᠂ ᠮᠠᠱᠢ ᠥᠷᠭᠡᠨ ᠠᠭᠤᠳᠠᠮ ᠬᠥᠭᠵᠢᠯᠲᠡ ᠶᠢᠨ ᠠᠯᠤᠰ ᠢᠷᠡᠭᠡᠳᠦᠢ ᠲᠠᠢ ᠪᠠᠶᠢᠳᠠᠭ᠃ ᠥᠷᠭᠡᠨ ᠣᠯᠠᠨ ᠮᠠᠰᠢᠨ ᠲᠡᠷᠭᠡᠨ ᠤ ᠠᠵᠤ ᠠᠬᠤᠶᠢᠯᠠᠯ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠶᠠᠰᠤ ᠴᠢᠨᠠᠷ ᠢᠶᠠᠷ ᠦᠨᠳᠦᠰᠦ ᠪᠣᠯᠭᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠤᠶᠤᠨᠴᠢᠯᠠᠨ ᠦᠢᠯᠡᠳᠬᠦ ᠲᠦᠪᠰᠢᠨ ᠢ ᠳᠡᠭᠡᠭᠰᠢᠯᠡᠭᠦᠯᠬᠦ ᠶᠢᠨ ᠬᠠᠮᠲᠤ ᠪᠠᠷᠠᠭᠠᠯᠬᠢᠯᠠᠯ ᠤᠨ ᠴᠢᠨᠠᠷᠲᠠᠢ ᠮᠡᠷᠭᠡᠵᠢᠯ ᠢ ᠰᠤᠳᠤᠯᠤᠨ ᠨᠡᠭᠡᠭᠡᠬᠦ ᠪᠠᠶᠢᠷᠢᠰᠢᠭᠤᠯᠤᠯᠲᠠ ᠶᠢ ᠴᠢᠩᠭᠠᠳᠬᠠᠵᠤ᠂ ᠮᠠᠰᠢᠨ ᠲᠡᠷᠭᠡᠨ ᠤ ᠠᠵᠤ ᠦᠢᠯᠡᠰ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠳᠡᠰ ᠳᠡᠪᠰᠢᠭᠦᠯᠬᠦ ᠶᠢ ᠠᠬᠢᠭᠤᠯᠵᠤ᠂ ᠪᠦᠬᠦ ᠪᠥᠮᠪᠥᠷᠴᠡᠭ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃   ᠯᠢ ᠴᠢᠶᠠᠩ ᠴᠢᠬᠤᠯᠠᠴᠢᠯᠠᠭᠰᠠᠨ ᠨᠢ᠂ ᠣᠳᠣᠬᠠᠨ ᠳᠤ ᠳᠤᠮᠳᠠᠳᠤ ᠤᠯᠤᠰ ᠪᠣᠯᠤᠨ ᠪᠦᠬᠦ ᠪᠥᠮᠪᠥᠷᠴᠡᠭ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠴᠥᠮ ᠦᠷᠭᠦᠯᠵᠢᠯᠡᠨ ᠨᠡᠮᠡᠭᠳᠡᠵᠦ ᠪᠠᠶᠢᠨ᠎ᠠ᠂ ᠯᠤᠲᠤ ᠶᠡᠭᠡ ᠬᠡᠷᠡᠭᠴᠡᠭᠡᠨ ᠤ ᠣᠷᠣᠨ ᠵᠠᠢ ᠲᠠᠢ ᠶᠤᠮ᠃ ᠣᠶᠤᠨᠴᠢ ᠰᠦᠯᠵᠢᠶᠡᠨ ᠤ ᠬᠤᠯᠪᠣᠭᠠᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠵᠣᠬᠢᠬᠤ ᠬᠡᠮᠵᠢᠶᠡᠨ ᠳᠤ ᠪᠦᠬᠦ ᠪᠥᠮᠪᠥᠷᠴᠡᠭ ᠤᠨ ᠠᠵᠤ ᠦᠢᠯᠡᠰ ᠤᠨ ᠬᠠᠮᠲᠤᠷᠠᠯᠴᠠᠭᠠᠨ ᠤ ᠪᠦᠲᠦᠭᠡᠭᠳᠡᠬᠦᠨ ᠪᠣᠯᠤᠨ᠎ᠠ᠂ ᠢᠷᠡᠭᠡᠳᠦᠢ ᠶᠢᠨ ᠬᠥᠭᠵᠢᠯᠲᠡ ᠳᠤ ᠡᠯ᠎ᠡ ᠲᠠᠯ᠎ᠠ ᠶᠢᠨ ᠬᠢᠨ ᠤ ᠳᠠᠪᠠᠭᠤᠯᠢᠭ ᠢᠶᠠᠨ ᠪᠠᠳᠠᠷᠠᠭᠤᠯᠵᠤ᠂ ᠠᠵᠢᠯ ᠬᠤᠪᠢᠶᠠᠷᠢᠯᠠᠨ ᠬᠠᠮᠵᠢᠯᠴᠠᠬᠤ ᠪᠠᠨ ᠭᠦᠨᠵᠡᠭᠡᠶᠢᠷᠡᠭᠦᠯᠬᠦ ᠶᠢ ᠨᠡᠩ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠨ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ ᠦᠷᠭᠦᠯᠵᠢᠯᠡᠨ ᠠᠭᠤᠵᠢᠭᠤ ᠲᠠᠯᠪᠢᠵᠤ᠂ ᠠᠷᠠᠯᠵᠢᠶ᠎ᠠ ᠪᠡᠯᠡ ᠣᠷᠣᠭᠤᠯᠤᠯᠲᠠ ᠶᠢᠨ ᠴᠢᠯᠥᠭᠡᠵᠢᠯᠲᠡ ᠳᠥᠭᠦᠮᠴᠢᠯᠡᠯᠲᠡ ᠶᠢ ᠠᠬᠢᠭᠤᠯᠤᠨ᠂ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠵᠤ᠂ ᠳᠤᠮᠳᠠᠳᠤ ᠭᠠᠳᠠᠭᠠᠳᠤ ᠶᠢᠨ ᠮᠠᠰᠢᠨ ᠲᠡᠷᠭᠡᠨ ᠤ ᠠᠵᠤ ᠠᠬᠤᠶᠢᠯᠠᠯ ᠤᠨ ᠬᠥᠷᠥᠩᠭᠡ᠂ ᠮᠡᠷᠭᠡᠵᠢᠯ᠂ ᠬᠠᠮᠢᠶᠠᠷᠤᠯᠲᠠ᠂ ᠴᠢᠳᠠᠪᠤᠷᠢᠲᠠᠨ ᠵᠡᠷᠭᠡ ᠲᠠᠯ᠎ᠠ ᠪᠠᠷ ᠨᠡᠩ ᠥᠷᠭᠡᠨ ᠳᠡᠯᠭᠡᠷ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠤᠨ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠳᠤᠮᠳᠠ ᠬᠠᠮᠲᠤ ᠪᠠᠷ ᠬᠥᠭᠵᠢᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃   ᠯᠢ ᠴᠢᠶᠠᠩ ᠵᠢᠭᠠᠵᠤ ᠭᠠᠷᠭᠠᠭᠰᠠᠨ ᠨᠢ᠂ ᠣᠳᠣᠬᠠᠨ ᠳᠤ ᠮᠠᠨ ᠤ ᠤᠯᠤᠰ ᠶᠠᠭ ᠰᠢᠨ᠎ᠡ ᠨᠢᠭᠡ ᠡᠭᠡᠯᠵᠢ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠵᠤ ᠪᠠᠶᠢᠨ᠎ᠠ᠃ ᠪᠡᠯᠡ ᠣᠷᠣᠭᠤᠯᠤᠯᠲᠠ ᠶᠢ ᠥᠷᠭᠡᠳᠬᠡᠬᠦ᠂ ᠬᠡᠷᠡᠭᠯᠡᠭᠡ ᠶᠢ ᠠᠬᠢᠭᠤᠯᠬᠤ ᠲᠠᠯ᠎ᠠ ᠪᠠᠷ ᠬᠢ ᠮᠠᠰᠢᠨ ᠲᠡᠷᠭᠡᠨ ᠤ ᠠᠵᠤ ᠦᠢᠯᠡᠰ ᠤᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠨᠡᠩ ᠣᠯᠠᠨ ᠴᠢᠨᠠᠷ ᠰᠠᠶᠢᠲᠠᠢ ᠮᠠᠰᠢᠨ ᠲᠡᠷᠭᠡᠨ ᠤ ᠦᠢᠯᠡᠳᠬᠦᠨ ᠢ ᠰᠠᠭᠤᠭᠠᠯᠢ ᠠᠷᠠᠳ ᠤᠨ ᠠᠮᠢᠳᠤᠷᠠᠯ ᠳᠤ ᠣᠷᠣᠭᠤᠯᠬᠤ ᠬᠡᠷᠡᠭᠲᠡᠢ᠃ ᠬᠤᠳᠠᠯᠳᠤᠨ ᠠᠪᠴᠤ ᠬᠡᠷᠡᠭᠯᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠦᠯᠵᠢᠶᠡᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠡᠷᠡᠭᠯᠡᠭᠡᠨ ᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠮᠠᠰᠢᠨ ᠲᠡᠷᠭᠡ ᠵᠡᠷᠭᠡ ᠶᠡᠭᠡ ᠬᠡᠮᠵᠢᠶᠡᠨ ᠤ ᠲᠠᠸᠠᠷ ᠤᠨ ᠬᠡᠷᠡᠭᠯᠡᠭᠡᠨ ᠤ ᠳᠠᠯᠳᠠ ᠬᠦᠴᠦᠨ ᠢ ᠨᠡᠩ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠃    ᠡᠦ ᠵᠧᠩ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号