︽ᠰᠢ ᠶᠢᠨ ᠫᠢᠩ ︿ᠨᠢᠭᠡ ᠪᠦᠰᠡ ᠨᠢᠭᠡ ᠵᠠᠮ﹀᠎ ᠤᠨ ᠲᠤᠬᠠᠶ ᠶᠠᠷᠢᠭᠰᠠᠨ ᠨᠢ ︵2023 ᠣᠨ ᠤ ᠬᠡᠪᠯᠡᠯ︶︾ ᠭᠡᠬᠦ ᠨᠣᠮ ᠤᠨ ᠠᠩᠭ᠍ᠯᠢ ᠬᠡᠯᠡᠨ ᠤ ᠬᠡᠪᠯᠡᠯ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2024/4/29
   ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠣᠷᠴᠢᠭᠤᠯᠤᠭᠰᠠᠨ ︽ᠰᠢ ᠶᠢᠨ ᠫᠢᠩ ︿ᠨᠢᠭᠡ ᠪᠦᠰᠡ ᠨᠢᠭᠡ ᠵᠠᠮ﹀᠎ ᠤᠨ ᠲᠤᠬᠠᠶ ᠶᠠᠷᠢᠭᠰᠠᠨ ᠨᠢ ︵2023 ᠣᠨ ᠤ ᠬᠡᠪᠯᠡᠯ ︶︾ ᠭᠡᠬᠦ ᠨᠣᠮ ᠤᠨ ᠠᠩᠭ᠍ᠯᠢ ᠬᠡᠯᠡᠨ ᠤ ᠬᠡᠪᠯᠡᠯ ᠢ ᠣᠶᠢᠷ᠎ᠠ ᠳᠤ ᠲᠥᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠳᠤ ᠲᠠᠷᠬᠠᠭᠠᠪᠠ᠃   ︽ᠰᠢ ᠶᠢᠨ ᠫᠢᠩ ︿ᠨᠢᠭᠡ ᠪᠦᠰᠡ ᠨᠢᠭᠡ ᠵᠠᠮ﹀᠎ ᠤᠨ ᠲᠤᠬᠠᠶ ᠶᠠᠷᠢᠭᠰᠠᠨ ᠨᠢ︾ ᠭᠡᠬᠦ ᠨᠣᠮ ᠢ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ 2013 ᠣᠨ ᠤ 9 ᠰᠠᠷ᠎ᠠ ᠠᠴᠠ 2023 ᠣᠨ ᠤ 11 ᠰᠠᠷ᠎ᠠ ᠪᠣᠯᠲᠠᠯᠠᠬᠢ ᠬᠤᠭᠤᠴᠠᠭᠠᠨ ᠳᠠᠬᠢ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠥᠲᠥᠭᠡᠨ ᠪᠠᠶᠢᠭᠤᠯᠬᠤ ᠲᠤᠬᠠᠶ ᠶᠠᠷᠢᠭᠰᠠᠨ 78 ᠴᠢᠬᠤᠯᠠ ᠡᠬᠡ ᠪᠢᠴᠢᠭ ᠢ ᠣᠷᠣᠭᠤᠯᠪᠠ᠃ ᠪᠥᠬᠦ ᠨᠣᠮ ᠳᠤ ᠶᠡᠷᠦᠩᠬᠡᠶ ᠱᠦᠵᠢ ᠰᠢ ᠶᠢᠨ ᠫᠢᠩ ᠤᠨ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠥᠲᠥᠭᠡᠨ ᠪᠠᠶᠢᠭᠤᠯᠬᠤ ᠵᠢᠯᠣᠭᠤᠳᠬᠤ ᠵᠠᠷᠴᠢᠮ᠂ ᠪᠠᠶᠠᠯᠢᠭ ᠠᠭᠤᠯᠤᠭᠳᠠᠬᠤᠨ᠂ ᠬᠠᠷᠠᠯᠲᠠ ᠠᠷᠭ᠎ᠠ ᠵᠠᠮ ᠵᠡᠷᠭᠡ ᠶᠢᠨ ᠲᠤᠬᠠᠶ ᠭᠦᠨᠵᠡᠭᠡᠶ ᠥᠭᠦᠯᠡᠯᠲᠡ ᠶᠢ ᠰᠢᠰᠲ᠋ᠧᠮ ᠲᠠᠢ ᠲᠤᠰᠬᠠᠵᠤ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠥᠲᠥᠭᠡᠨ ᠪᠠᠶᠢᠭᠤᠯᠬᠤ ᠨᠢ ᠳᠤᠮᠳᠠᠳᠤ ᠤᠯᠤᠰ ᠤᠨ ᠰᠠᠨᠠᠭᠠᠴᠢᠯᠠᠭ᠎ᠠ ᠪᠠᠶᠢᠭᠰᠠᠨ ᠠᠴᠠ ᠣᠯᠠᠨ ᠤᠯᠤᠰ ᠤᠨ ᠦᠢᠯᠡᠳᠦᠯᠭᠡ ᠲᠡᠶᠢᠰᠢ ᠤᠷᠤᠭᠰᠢᠯᠠᠭᠰᠠᠨ᠂ ᠣᠶᠢᠯᠠᠭᠠᠭᠳᠠᠬᠤᠨ ᠠᠴᠠ ᠠᠵᠢᠯᠯᠠᠭ᠎ᠠ ᠪᠣᠯᠵᠤ ᠬᠤᠪᠢᠷᠠᠭᠰᠠᠨ᠂ ᠠᠯᠤᠰ ᠤᠨ ᠲᠥᠰᠦᠪ ᠠᠴᠠ ᠪᠣᠳᠠᠲᠤ ᠠᠬᠤᠶ ᠪᠣᠯᠵᠤ ᠬᠤᠪᠢᠷᠠᠭᠰᠠᠨ᠂ ᠲᠦᠰᠦᠪᠯᠡᠨ ᠪᠠᠶᠢᠷᠢᠰᠢᠭᠤᠯᠤᠭᠰᠠᠨ ︽ᠤᠳᠬᠠᠴᠢᠯᠠᠭᠰᠠᠨ ᠵᠢᠷᠤᠭ︾᠎ ᠠᠴᠠ ᠨᠠᠷᠢᠨ ᠰᠡᠶᠢᠯᠵᠦ ᠨᠢᠮᠪᠠᠢ ᠤᠷᠠᠯᠠᠭᠰᠠᠨ ︽ᠭᠤᠶᠢᠳᠠ ᠵᠢᠷᠤᠭ︾ ᠪᠤᠯᠤᠭᠰᠠᠨ ᠬᠦᠷᠲᠡᠯ᠎ᠡ᠂ ᠦᠨᠡᠨ ᠪᠣᠳᠠᠲᠠᠶ ᠪᠥᠭᠡᠳ ᠴᠢᠬᠤᠯᠠ ᠶᠡᠭᠡ ᠠᠮᠵᠢᠯᠲᠠ ᠪᠦᠲᠦᠮᠵᠢ ᠣᠯᠵᠤ᠂ ᠭᠦᠨ ᠬᠦᠷᠢᠶᠡᠯᠡᠯ ᠣᠯᠤᠭᠰᠠᠨ ᠣᠯᠠᠨ ᠤᠯᠤᠰ ᠤᠨ ᠣᠯᠠᠨ ᠨᠡᠶᠢᠲᠡ ᠶᠢᠨ ᠦᠢᠯᠡᠳᠬᠦᠨ ᠪᠠ ᠣᠯᠠᠨ ᠤᠯᠤᠰ ᠤᠨ ᠬᠠᠮᠲᠤᠷᠠᠯᠴᠠᠭᠠᠨ ᠤ ᠲᠠᠪᠴᠠᠩ ᠤᠨ ᠬᠥᠭᠵᠢᠯᠲᠡ ᠶᠢᠨ ᠶᠠᠪᠤᠴᠠ ᠪᠣᠯᠤᠭᠰᠠᠨ ᠢ ᠪᠦᠬᠦ ᠲᠠᠯ᠎ᠠ ᠪᠠᠷ ᠢᠯᠡᠷᠡᠭᠦᠯᠪᠡ᠃   ᠲᠣᠰ ᠨᠣᠮ ᠤᠨ ᠠᠩᠭ᠍ᠯᠢ ᠬᠡᠯᠡᠨ ᠤ ᠬᠡᠪᠯᠡᠯ ᠢ ᠬᠡᠪᠯᠡᠨ ᠲᠠᠷᠬᠠᠭᠠᠭᠰᠠᠨ ᠨᠢ ᠭᠠᠳᠠᠭᠠᠳᠤ ᠶᠢᠨ ᠤᠩᠰᠢᠭᠴᠢᠳ ᠤᠨ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠥᠲᠥᠭᠡᠨ ᠪᠠᠶᠢᠭᠤᠯᠬᠤ ᠣᠶᠢᠯᠠᠭᠠᠭᠳᠠᠬᠤᠨ᠂ ᠠᠷᠭ᠎ᠠ ᠬᠡᠮᠵᠢᠶ᠎ᠡ᠂ ᠬᠠᠷᠠᠯᠲᠠ ᠪᠠ ᠦᠷ᠎ᠡ ᠪᠦᠲᠦᠭᠡᠯ ᠢ ᠭᠦᠨᠵᠡᠭᠡᠶ ᠣᠶᠢᠯᠠᠭᠠᠬᠤ ᠳᠤ ᠠᠰᠢᠭᠲᠠᠶ ᠪᠠᠶᠢᠵᠤ᠂ ᠳᠡᠯᠡᠬᠡᠶ ᠨᠡᠶᠢᠲᠡ ᠶᠢᠨ ᠲᠠᠨᠢᠯᠲᠠ ᠣᠶᠢᠯᠠᠭᠠᠯᠲᠠ ᠶᠢ ᠤᠯᠠᠮ ᠴᠢᠨᠠᠭᠰᠢᠳᠠ ᠨᠡᠮᠡᠭᠳᠡᠭᠦᠯᠬᠦ᠂ ︽ᠨᠢᠭᠡ ᠪᠦᠰᠡ ᠨᠢᠭᠡ ᠵᠠᠮ︾᠎ ᠤᠨ ᠣᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠥᠲᠥᠭᠡᠨ ᠪᠠᠶᠢᠭᠤᠯᠬᠤ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ︽ᠨᠢᠭᠡ ᠪᠦᠰᠡ ᠨᠢᠭᠡ ᠵᠠᠮ︾᠎ ᠢᠶᠠᠷ ᠨᠠᠩ ᠣᠯᠠᠨ ᠤᠯᠤᠰ ᠪᠠ ᠠᠷᠠᠳ ᠲᠦᠮᠡᠨ ᠳᠤ ᠠᠰᠢᠭ ᠬᠦᠷᠲᠡᠭᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 28᠎ ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号