ᠬᠡᠦᠬᠡᠳ ᠬᠢᠵᠢᠭ ᠲᠤ ᠨᠡᠷᠪᠡᠭᠳᠡᠪᠡᠯ ᠶᠠᠭᠠᠬᠢᠬᠤ ᠪᠣᠢ︖
ᠨᠡᠶᠢᠲᠡᠯᠡᠭᠰᠡᠨ ᠴᠠᠭ᠄
2024/4/29
   1. ᠰᠢᠨ᠎ᠡ ᠲᠢᠲᠢᠮᠯᠢᠭ ᠸᠢᠷᠦ᠋ᠰ ᠬᠡᠦᠬᠡᠳ ᠲᠤ ᠬᠠᠯᠳᠠᠪᠤᠷᠢᠯᠠᠪᠠᠯ ᠣᠯᠠᠩᠬᠢ ᠪᠠᠶᠢᠳᠠᠯ ᠳᠤ ᠡᠪᠡᠳᠴᠢᠨ ᠤ ᠢᠯᠡᠷᠡᠯ ᠮᠡᠳᠡᠭᠳᠡᠬᠦ ᠦᠭᠡᠢ ᠪᠣᠯᠬᠤᠷ ᠡᠮ ᠳᠠᠩ ᠤᠤᠭᠤᠯᠭᠠᠬᠤ ᠬᠡᠷᠡᠭ ᠦᠭᠡᠢ᠃ 2. ᠭᠡᠷ ᠵᠠᠭᠤᠷ᠎ᠠ ᠶᠢᠨ ᠠᠷᠢᠭᠤᠳᠬᠠᠯ ᠢ ᠰᠠᠶᠢᠲᠤᠷ ᠬᠢᠵᠦ᠂ ᠲᠤᠰᠠᠭᠠᠷᠯᠠᠬᠤ ᠪᠠ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠨ ᠬᠢᠬᠦ ᠬᠡᠷᠡᠭᠳᠡᠢ︔ 3. ᠨᠢᠯᠬ᠎ᠠ ᠬᠡᠦᠬᠡᠳ ᠤᠨ ᠪᠡᠶ᠎ᠡ ᠶᠢᠨ ᠪᠠᠶᠢᠳᠠᠯ ᠢ ᠴᠠᠭ ᠢᠮᠠᠬᠳᠠ ᠠᠵᠢᠭᠯᠠᠵᠤ᠂ ᠬᠡᠷᠪᠡ ᠴᠤᠭ ᠰᠦᠯᠳᠡ ᠦᠭᠡᠢ ᠪᠣᠯᠬᠤ᠂ ᠠᠮᠢᠰᠬᠤᠯ ᠳᠠᠪᠬᠤᠴᠠᠬᠤ ᠪᠠᠶᠢᠳᠠᠯ ᠢᠯᠡᠷᠡᠪᠡᠯ ᠡᠮᠴᠢ ᠳᠤ ᠦᠵᠡᠭᠦᠯᠬᠦ ᠬᠡᠷᠡᠭᠳᠡᠢ︔ 4. ᠭᠡᠷ ᠲᠡᠭᠡᠨ ᠡᠮ ᠳᠠᠩ ᠪᠡᠯᠡᠳᠬᠡᠵᠦ ᠲᠠᠯᠪᠢᠬᠤ ᠭᠡᠷᠡᠭᠳᠡᠢ᠂ ᠢᠯᠠᠩᠭᠤᠶ᠎ᠠ ᠬᠠᠯᠠᠭᠤᠷᠠᠬᠤ ᠶᠢ ᠪᠠᠭᠤᠷᠠᠭᠤᠯᠬᠤ ᠡᠮ ᠳᠣᠳᠠᠬᠳᠠᠵᠦ ᠪᠤᠯᠬᠤ ᠦᠭᠡᠢ᠃ ᠨᠥᠬᠦᠴᠡᠯ ᠲᠠᠢ ᠪᠣᠯ ᠴᠢᠳᠠᠬᠤ ᠶᠢᠨ ᠳᠣᠳᠣᠷ᠎ᠠ ᠬᠡᠦᠬᠡᠳ ᠲᠡᠭᠡᠨ ᠲᠤᠰᠠᠭᠠᠷ ᠣᠨᠳᠠᠯᠭ᠎ᠠ ᠶᠢᠨ ᠥᠷᠥᠭᠡ ᠪᠤᠶᠤ ᠠᠷᠢᠭᠤᠨ ᠴᠡᠪᠡᠷ ᠤᠨ ᠲᠠᠰᠤᠯᠭ᠎ᠠ ᠲᠠᠢ ᠪᠠᠶᠢᠯᠭᠠᠨ᠎ᠠ᠃ ᠬᠡᠷᠪᠡ ᠪᠤᠯᠤᠮᠵᠢ ᠲᠠᠢ ᠪᠣᠯ᠂ ᠨᠠᠭᠠᠳᠴᠦ ᠳᠣᠬᠯᠠᠬᠤ ᠭᠠᠵᠠᠷ ᠭᠠᠷᠭᠠᠵᠦ ᠦᠭᠴᠦ ᠪᠤᠯᠤᠨ᠎ᠠ᠃ ᠬᠠᠯᠠᠭᠤᠷᠠᠬᠤ ᠪᠠ ᠦᠷᠪᠢᠰᠦᠯ ᠢ ᠳᠠᠷᠤᠬᠤ ᠡᠮ ᠳᠤ ᠪᠷᠦᠹᠧᠨ ᠢ ᠵᠠᠷᠣᠬᠤ ᠶᠢ ᠰᠠᠨᠠᠯ ᠪᠤᠯᠭᠠᠵᠦ ᠪᠠᠶᠢᠨ᠎ᠠ᠂ ᠪᠷᠦᠹᠧᠨ ᠦᠷᠪᠢᠰᠦᠯ ᠢ ᠳᠠᠷᠤᠬᠤ ᠦᠢᠯᠡᠳᠦᠯ ᠲᠠᠢ᠃ ᠡᠩ ᠤᠨ ᠪᠠᠶᠢᠳᠠᠯ ᠳᠤ 6 ᠰᠠᠷ᠎ᠠ ᠬᠦᠷᠦᠬᠡ ᠦᠬᠡᠢ ᠨᠢᠯᠬ᠎ᠠ ᠳᠤ ᠪᠷᠤᠹᠧᠨ ᠢ ᠵᠠᠷᠣᠬᠤ ᠦᠬᠡᠢ ᠪᠠᠶᠢᠪᠠᠯ ᠰᠠᠶᠢᠨ᠃ ᠪᠥᠭᠡᠷᠡᠨ ᠤ ᠬᠤᠣᠷᠳᠠᠯᠭ᠎ᠠ ᠠᠪᠴᠢᠷᠠᠵᠦ ᠮᠡᠳᠡᠨ᠎ᠡ᠃ ᠬᠡᠷᠪᠡ ᠬᠠᠯᠳᠠᠪᠤᠷᠢ ᠠᠪᠤᠬᠰᠠᠨ ᠪᠠᠶᠢᠪᠠᠯ ᠦᠷᠭᠦᠯᠵᠢ ᠬᠠᠨᠢᠶᠠᠯᠭᠠᠳᠠᠭ᠂ ᠡᠨᠡ ᠦᠶ᠎ᠡ ᠳᠤ ᠠᠶᠤᠵᠦ ᠰᠠᠨᠳᠣᠷᠬᠤ ᠬᠡᠷᠡᠭ ᠦᠬᠡᠢ᠃ ᠡᠮᠴᠢᠯᠡᠭᠡᠨ ᠳᠡᠭᠡᠷ᠎ᠡ ᠡᠶᠢᠮᠦᠷᠬᠦᠦ ᠬᠠᠨᠢᠶᠠᠳᠤ ᠶᠢ ᠰᠢᠢᠳᠪᠦᠷᠢᠯᠡᠬᠦ ᠠᠷᠭ᠎ᠠ ᠮᠠᠶ᠋ᠢᠭ ᠨᠢ ᠡᠩ ᠤᠨ ᠬᠢᠮᠤᠷᠠᠭ᠎ᠠ ᠲᠠᠭᠰᠢᠭᠤᠷ ᠢ ᠠᠷᠭᠠᠴᠠᠭᠠᠬᠤ ᠲᠠᠢ ᠦᠨᠳᠦᠰᠦᠨ ᠳᠡᠭᠡᠨ ᠠᠳᠠᠯᠢ ᠪᠠᠶᠢᠳᠠᠭ᠃ ⑴ 6 ᠨᠠᠰᠦ ᠬᠦᠷᠦᠭᠰᠡᠨ ᠬᠡᠦᠬᠡᠳ ᠲᠤ ᠰᠢᠬᠢᠷ ᠰᠢᠮᠡᠭᠦᠯᠵᠦ ᠪᠣᠯᠣᠨ᠎ᠠ᠂ ᠨᠢᠯᠬ᠎ᠠ ᠬᠡᠦᠬᠡᠳ ᠲᠤ ᠬᠡᠷᠡᠭᠯᠡᠬᠦ ᠶᠢ ᠰᠠᠨᠠᠭᠠᠴᠢᠯᠠᠬᠤ ᠦᠭᠡᠢ᠂ ᠤᠴᠢᠷ ᠨᠢ ᠠᠮᠢᠰᠬᠤᠯ ᠪᠦᠭᠯᠡᠷᠡᠵᠦ ᠮᠡᠳᠡᠨ᠎ᠡ᠃ ⑵ ᠪᠠᠯ ᠬᠡᠷᠡᠭᠯᠡᠵᠦ ᠪᠣᠯᠣᠨ᠎ᠠ᠂ ᠣᠢ ᠬᠦᠷᠦᠬᠡᠳᠦᠢ ᠬᠡᠦᠬᠡᠳ ᠲᠤ ᠬᠡᠷᠡᠭᠯᠡᠵᠦ ᠪᠣᠯᠬᠤ ᠦᠭᠡᠢ᠂ ᠤᠴᠢᠷ ᠨᠢ ᠬᠤᠣᠷ ᠲᠠᠢ ᠪᠠᠺᠲ᠋ᠧᠷᠢ ᠪᠠᠶᠢᠵᠤ ᠮᠡᠳᠡᠨ᠎ᠡ᠃ ᠬᠡᠷᠪᠡ ᠵᠥᠭᠡᠢ ᠶᠢᠨ ᠪᠠᠯ ᠪᠠᠶᠢᠬᠤ ᠦᠭᠡᠢ ᠪᠣᠯ ᠪᠠᠭ᠎ᠠ ᠰᠠᠭ᠎ᠠ ᠵᠠᠶᠢᠷᠮᠠᠭ ᠢᠳᠡᠪᠡᠯ ᠪᠠᠰᠠ ᠨᠠᠮᠳᠠᠭᠠᠵᠦ ᠪᠤᠯᠳᠠᠭ᠃ ⑶ ᠤᠰᠤ ᠢᠯᠡᠬᠦᠦ ᠣᠣᠭᠤᠯᠭᠠᠵᠦ ᠪᠠᠶᠢᠬᠤ ᠬᠡᠷᠡᠭᠳᠡᠢ᠃ ᠬᠡᠷᠪᠡ ᠬᠡᠦᠬᠡᠳ ᠤᠳ ᠠᠮᠢᠰᠬᠤᠭ᠎ᠠ ᠴᠢᠬᠤᠯᠳᠠᠬᠤ᠂ ᠴᠡᠭᠡᠵᠢ ᠪᠢᠳᠡᠬᠦᠷᠡᠬᠦ ᠪᠤᠶᠤ ᠴᠡᠭᠡᠵᠢ ᠡᠪᠡᠳᠬᠦ︔ ᠣᠬᠠᠭ᠎ᠠ ᠠᠯᠳᠠᠬᠤ᠂ ᠨᠦᠢᠷ ᠮᠠᠭᠤ ᠪᠤᠶᠤ ᠠᠮᠠᠷᠬᠠᠨ ᠰᠡᠷᠡᠬᠦ ᠦᠭᠡᠢ᠂ ᠠᠷᠠᠰᠤ ᠨᠢ ᠴᠠᠶᠢᠵᠤ᠂ ᠤᠷᠤᠭᠤᠯ ᠨᠢ ᠬᠦᠬᠡᠷᠡᠵᠦ ᠪᠠᠶᠢᠪᠠᠯ ᠡᠮᠴᠢ ᠳᠤ ᠦᠵᠡᠬᠦᠯᠬᠦ ᠬᠡᠷᠡᠭᠳᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号