ᠡᠳᠦᠷ ᠪᠣᠯᠭᠠᠨ ᠨᠢᠭᠡ ᠬᠤᠨᠳᠠᠭ᠎ᠠ ᠤᠤᠭᠤᠪᠠᠯ ᠁ ᠁
ᠨᠡᠶᠢᠲᠡᠯᠡᠭᠰᠡᠨ ᠴᠠᠭ᠄
2024/4/29
   ᠠᠷᠢᠬᠢ ᠶᠡᠷᠦ ᠨᠢ ᠬᠥᠮᠥᠨ ᠤ ᠪᠡᠶ᠎ᠡ ᠮᠠᠬᠠᠪᠤᠳ ᠢ ᠮᠠᠰᠢ ᠮᠠᠭᠤ ᠪᠠᠷ ᠨᠦᠯᠦᠬᠡᠯᠡᠳᠡᠭ᠃ ᠴᠢᠰᠤᠨ ᠳᠠᠷᠤᠯᠲᠠ ᠦᠨᠳᠦᠷᠵᠢᠬᠦ᠂ ᠡᠯᠢᠭᠡ ᠭᠡᠮᠲᠦᠬᠦ ᠵᠡᠷᠭᠡ ᠨᠢ ᠪᠦᠷ ᠠᠷᠢᠬᠢ ᠳᠠᠷᠠᠰᠦ ᠶᠡᠭᠡ ᠤᠤᠭᠤᠭᠰᠠᠨ ᠠᠴᠠ ᠪᠤᠯᠤᠬᠰᠠᠨ ᠡᠪᠡᠳᠴᠢᠨ ᠠᠷᠬᠠᠭ ᠪᠣᠯᠣᠨ᠎ᠠ᠃ ᠰᠫᠦᠷᠲ ᠨᠢ ᠶᠡᠭᠡ ᠲᠠᠷᠢᠬᠢᠨ ᠤ ᠠᠵᠢᠯᠯᠠᠭ᠎ᠠ ᠶᠢ ᠨᠡᠩ ᠴᠦ ᠮᠠᠭᠤ ᠪᠠᠷ ᠨᠦᠯᠦᠬᠡᠯᠡᠭᠳᠡᠭ ᠢ ᠲᠠ ᠮᠡᠳᠡᠬᠦ ᠤᠤ︖ ᠰᠤᠳᠤᠯᠭᠠᠨ ᠤ ᠨᠤᠲᠠᠯᠠᠯᠲᠠ ᠪᠠᠷ᠂ ᠡᠳᠦᠷ ᠲᠤ ᠭᠠᠭᠴᠠ ᠬᠤᠨᠳᠠᠭ᠎ᠠ ᠠᠷᠢᠬᠢ ᠤᠤᠭᠤᠭᠰᠠᠨ ᠴᠦ ᠶᠡᠭᠡ ᠲᠠᠷᠢᠬᠢ ᠠᠪᠴᠢᠵᠤ ᠮᠡᠳᠡᠨ᠎ᠡ᠃ ᠠᠷᠢᠬᠢ ᠶᠢ ᠬᠡᠳᠦᠢ ᠶᠡᠭᠡ ᠤᠤᠭᠤᠪᠠᠯ ᠲᠠᠷᠢᠬᠢᠨ ᠤ ᠡᠵᠡᠯᠡᠬᠦᠨ ᠤ ᠬᠤᠪᠢᠷᠠᠯᠲᠠ ᠶᠢ ᠳᠡᠳᠦᠢ ᠶᠡᠭᠡ ᠪᠠᠷ ᠨᠥᠯᠥᠭᠡᠯᠡᠬᠦ ᠪᠥᠭᠡᠳ ᠪᠠᠰᠠ ᠶᠡᠭᠡ ᠲᠠᠷᠢᠬᠢ ᠨᠢ ᠠᠪᠴᠢᠵᠤ ᠲᠦᠷᠭᠡᠨ ᠥᠲᠡᠯᠳᠡᠭ ᠪᠠᠶᠢᠨ᠎ᠠ᠃ ᠡᠬᠦᠨ ᠤ ᠡᠰᠡᠷᠭᠦ ᠲᠠᠷᠢᠬᠢ ᠪᠠᠨ ᠵᠠᠯᠠᠭᠤᠵᠢᠭᠤᠯᠵᠤ᠂ ᠥᠲᠡᠯᠬᠦ ᠠᠴᠠ ᠰᠡᠷᠭᠡᠶᠢᠯᠡᠶ᠎ᠡ ᠭᠡᠪᠡᠯ ᠡᠶᠢᠮᠦ ᠬᠡᠳᠦᠨ ᠲᠠᠯ᠎ᠠ ᠪᠠᠷ ᠠᠩᠬᠠᠷᠬᠤ ᠬᠡᠷᠡᠭᠳᠡᠢ᠃ ᠳᠠᠷᠣᠢ ᠨᠣᠭᠤᠭᠠᠨ ᠨᠠᠪᠴᠢᠲᠤ ᠨᠣᠭᠤᠭ᠎ᠠ ᠴᠠᠭ᠎ᠠ ᠶᠢ ᠢᠯᠡᠭᠦᠬᠡᠨ ᠢᠳᠡᠵᠦ᠂ ᠵᠢᠩ ᠢᠶᠠᠨ ᠪᠠᠷᠢᠵᠤ᠂ ᠦᠳᠡ ᠳᠤ ᠠᠮᠠᠷᠠᠵᠤ᠂ ᠪᠠᠶᠢᠩᠭᠤ ᠲᠠᠮᠢᠷ ᠤᠨ ᠬᠥᠳᠡᠯᠭᠡᠭᠡᠨ ᠬᠢᠵᠦ᠂ ᠨᠣᠮ ᠰᠣᠨᠢᠨ ᠰᠡᠳᠬᠦᠯ ᠢᠯᠡᠭᠦᠬᠡᠨ ᠤᠩᠰᠢᠬᠤ ᠬᠡᠷᠡᠭᠲᠡᠢ ᠪᠦᠬᠡᠳ ᠴᠢᠰᠤᠨ ᠰᠤᠳᠠᠯ ᠤᠨ ᠡᠪᠡᠳᠴᠢᠨ ᠢ ᠢᠳᠡᠪᠬᠢᠲᠡᠢ ᠰᠡᠷᠭᠡᠶᠢᠯᠡᠬᠦ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号