ᠬᠠᠮᠠᠷ ᠤᠨ ᠦᠷᠪᠢᠰᠦᠯ ᠲᠠᠢ ᠬᠥᠮᠥᠨ ᠬᠢᠵᠢᠭ ᠲᠤ ᠨᠡᠷᠪᠡᠭᠳᠡᠪᠡᠯ ᠁ ᠁
ᠨᠡᠶᠢᠲᠡᠯᠡᠭᠰᠡᠨ ᠴᠠᠭ᠄
2024/4/29
   ᠤᠳᠠᠭᠠᠨ ᠴᠢᠨᠠᠷᠲᠠᠶ ᠬᠠᠮᠠᠷ ᠤᠨ ᠦᠷᠪᠢᠰᠦᠯ ᠪᠠ ᠵᠠᠯᠭᠢᠭᠤᠷ ᠬᠤᠭᠤᠯᠠᠢ ᠶᠢᠨ ᠦᠷᠪᠢᠰᠦᠯ ᠲᠠᠢ ᠬᠦᠮᠦᠰ ᠬᠡᠷᠪᠡ ᠣᠮᠢᠺᠷᠣᠨ ᠤ ᠣᠨᠳᠣᠣᠰᠢᠭᠰᠠᠨ ᠬᠡᠯᠪᠡᠷᠢ BF.7 ᠳᠤ ᠨᠡᠷᠪᠡᠭᠳᠡᠪᠡᠯ᠂ ᠡᠪᠡᠳᠴᠢᠨ ᠤ ᠢᠯᠡᠷᠡᠯ ᠨᠢ ᠨᠠᠩ ᠬᠦᠨᠳᠦ ᠪᠣᠯᠬᠤ ᠤᠤ︖ ᠲᠤᠰᠬᠠᠶ ᠮᠡᠷᠭᠡᠵᠢᠯᠲᠡᠨ ᠲᠠᠶᠢᠯᠪᠤᠷᠢᠯᠠᠬᠤ ᠳᠠᠭᠠᠨ᠂ ᠪᠡᠭᠡᠵᠢᠩ ᠤᠨ ᠡᠨᠡ ᠡᠭᠡᠯᠵᠢ ᠶᠢᠨ ᠬᠢᠵᠢᠭ ᠨᠢ ᠭᠤᠣᠯᠳᠠᠭᠤ ᠣᠮᠢᠺᠷᠣᠨ ᠤ ᠣᠨᠳᠣᠣᠰᠢᠭᠰᠠᠨ ᠬᠡᠯᠪᠡᠷᠢ BF.7 ᠪᠣᠯᠣᠨ᠎ᠠ᠃ ᠲᠡᠷᠡ ᠨᠢ ᠬᠠᠯᠳᠠᠪᠤᠷᠢᠲᠤ ᠴᠢᠨᠠᠷ᠂ ᠡᠪᠡᠳᠴᠢᠨ ᠡᠭᠦᠰᠭᠡᠬᠦ ᠲᠠᠯ᠎ᠠ ᠪᠠᠷ ᠶᠠᠮᠠᠷ ᠶᠠᠮᠠᠷ ᠣᠨᠴᠠᠯᠢᠭ ᠲᠠᠢ ᠪᠣᠢ︖ ᠡᠩ ᠤᠨ ᠭᠠᠳᠠᠷ ᠰᠠᠯᠠᠭᠠᠨ ᠤ ᠡᠮᠨᠡᠯᠭᠡ ᠶᠢᠨ ᠠᠮᠠᠪᠴᠢ ᠨᠢ ᠬᠢᠵᠢᠭ ᠢ ᠰᠡᠷᠭᠡᠶᠢᠯᠡᠬᠦ ᠦᠢᠯᠡᠳᠦᠯ ᠲᠠᠢ ᠦᠦ︖ ᠣᠯᠠᠨ ᠨᠡᠶᠢᠲᠡ ᠶᠢᠨ ᠲᠠᠯᠠᠪᠤᠷ ᠲᠤ ᠣᠷᠣᠬᠤ ᠳᠤ 72 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠦᠵᠡᠳᠡᠭ ᠪᠠᠶᠢᠭᠰᠠᠨ ᠠᠴᠠ 48 ᠴᠠᠭ ᠤᠨ ᠬᠢ ᠦᠵᠡᠳᠡᠭ ᠪᠣᠯᠣᠭᠰᠠᠨ ᠨᠢ ᠶᠠᠭᠤᠨ ᠤ ᠤᠴᠢᠷ ᠠᠴᠠ ᠪᠣᠶ︖ ᠵᠡᠷᠭᠡ ᠬᠤᠲᠠ ᠶᠢᠨ ᠠᠷᠠᠳ ᠤᠨ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠳᠤ ᠴᠢᠭᠯᠡᠭᠦᠯᠦᠨ᠂ ᠪᠡᠭᠡᠵᠢᠩ ᠤᠨ ᠢᠦ ᠠᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠶᠡᠷᠦᠩᠬᠡᠶᠢᠯᠡᠭᠰᠡᠨ ᠰᠠᠯᠠᠭᠠᠨ ᠤ ᠡᠷᠬᠢᠯᠡᠭᠴᠢ ᠡᠮᠴᠢ᠂ ᠰᠢᠶᠤᠤ ᠲᠠᠩ ᠱᠠᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠲᠤᠰᠬᠠᠶ ᠮᠡᠷᠭᠡᠵᠢᠯᠲᠡᠨ ᠯᠢ ᠲᠦᠩ ᠽᠧᠩ ᠢ ᠰᠤᠷᠪᠤᠯᠵᠢᠯᠠᠯ᠎ᠠ᠃ ᠰᠤᠷᠪᠤᠯᠵᠢᠯᠠᠭᠴᠢ᠄ ᠤᠳᠠᠭᠠᠨ ᠴᠢᠨᠠᠷᠲᠠᠢ ᠬᠠᠮᠠᠷ ᠤᠨ ᠦᠷᠪᠢᠰᠦᠯ᠂ ᠤᠳᠠᠭᠠᠨ ᠴᠢᠨᠠᠷᠲᠠᠢ ᠵᠠᠯᠭᠢᠭᠤᠷ ᠬᠤᠭᠤᠯᠠᠢ ᠶᠢᠨ ᠦᠷᠪᠢᠰᠦᠯ ᠲᠠᠢ ᠬᠥᠮᠦᠨ ᠣᠮᠢᠺᠷᠣᠨ ᠤ ᠣᠨᠳᠣᠣᠰᠢᠭᠰᠠᠨ ᠬᠡᠯᠪᠡᠷᠢ BF.7 ᠳᠤ ᠬᠠᠯᠳᠠᠪᠤᠷᠢᠯᠠᠭᠳᠠᠪᠠᠯ᠂ ᠡᠪᠡᠳᠴᠢᠨ ᠤ ᠢᠯᠡᠷᠡᠯ ᠨᠢ ᠨᠡᠩ ᠬᠦᠨᠳᠦ ᠨᠣᠴᠢᠲᠠᠢ ᠪᠣᠯᠬᠤ ᠤᠤ︖ ᠯᠢ ᠲᠦᠩ ᠽᠧᠩ᠄ ᠤᠳᠠᠭᠠᠨ ᠴᠢᠨᠠᠷᠲᠠᠶ ᠬᠠᠮᠠᠷ ᠤᠨ ᠦᠷᠪᠢᠰᠦᠯ᠂ ᠤᠳᠠᠭᠠᠨ ᠴᠢᠨᠠᠷᠲᠠᠶ ᠵᠠᠯᠭᠢᠭᠤᠷ ᠬᠤᠭᠤᠯᠠᠢ ᠶᠢᠨ ᠦᠷᠪᠢᠰᠦᠯ ᠨᠢ ᠳᠠᠷᠬᠠᠯᠠᠭ᠎ᠠ ᠮᠠᠭᠤᠳᠠᠭᠰᠠᠨ ᠳᠤ ᠲᠣᠭᠠᠴᠠᠭᠳᠠᠬᠤ ᠥᠬᠡᠶ᠂ ᠬᠡᠷᠪᠡ ᠬᠦᠨᠳᠦ ᠡᠪᠡᠳᠴᠢᠨ  ᠲᠠᠢ ᠪᠢᠰᠢ ᠪᠣᠯ ᠣᠮᠢᠺᠷᠣᠨ ᠤ ᠣᠨᠳᠣᠣᠰᠢᠭᠰᠠᠨ ᠬᠡᠯᠪᠡᠷᠢ BF.7 ᠳᠤ ᠨᠡᠷᠪᠡᠭᠳᠡᠭᠰᠡᠨ ᠤ ᠳᠠᠷᠠᠭᠠᠬᠢ ᠢᠯᠡᠷᠡᠯ ᠨᠢ ᠪᠤᠰᠤᠳ ᠬᠥᠮᠦᠰ ᠲᠠᠢ ᠲᠡᠮᠡᠢ ᠢᠯᠭᠠᠭ᠎ᠠ ᠥᠬᠡᠶ ᠶᠤᠮ ᠭᠡᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号