ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 28 ᠤ ᠡᠳᠦᠷ ᠤᠨ ᠴᠠᠬᠢᠯᠭᠠᠨ ᠮᠡᠳᠡᠭᠡ ᠨᠠᠮ ᠤᠨ ᠳᠦᠪ | ᠬᠤᠷᠢᠶᠠᠨ ᠤ ᠤᠯᠤᠰ ᠳᠦᠷᠤ ᠶᠢᠨ ᠲᠣᠪᠴᠢᠶᠠᠨ ᠤ ᠪᠠᠶᠢᠩᠬᠤ ᠶᠢᠨ ᠭᠡᠰᠢᠭᠦᠨ᠂ ᠳᠦᠷᠤ ᠶᠢᠨ ᠶᠠᠪᠤᠳᠠᠯ ᠤᠨ ᠬᠤᠷᠢᠶᠠᠨ ᠤ | ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 28 ᠤ ᠡᠳᠦᠷ 2024 ᠣᠨ ᠤ ᠣᠯᠠᠨ ᠤᠯᠤᠰ ᠤᠨ ᠮᠠᠰᠢᠨ ᠲᠡᠷᠭᠡ ᠶᠢᠨ | ᠣᠢᠵᠠᠰᠭᠦᠯᠠᠩ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠮᠠᠰᠢᠨ ᠲᠡᠷᠭᠡᠨ ᠤ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠨᠠᠶᠢᠳᠠᠪᠤᠷᠢᠵᠢᠭᠤᠯᠵᠤ᠂ ᠣᠶᠤᠨᠴᠢ ᠰᠦᠯᠵᠢᠶᠡᠨ ᠤ ᠬᠤᠯᠪᠣᠭᠠᠯᠠᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡ ᠶᠢ | ᠶᠡᠭᠡ ᠪᠠᠷ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ | ᠡᠭᠦᠳᠬᠦ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠡᠭᠡᠭᠡᠯᠲᠡᠲᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ | ᠥᠷᠭᠡᠳᠬᠡᠵᠦ᠂ ᠮᠠᠰᠢᠨ ᠲᠡᠷᠭᠡᠨ ᠤ ᠠᠵᠤ ᠦᠢᠯᠡᠰ ᠤᠨ ᠳᠡᠭᠡᠳᠦ ᠲᠡᠰᠵᠢᠯᠲᠡ᠂ ᠣᠶᠤᠨᠴᠢᠯᠠᠯᠲᠠ᠂ ᠪᠣᠬᠢᠷᠲᠤᠯ ᠦᠭᠡᠢ ᠳᠡᠰ | ᠳᠡᠪᠰᠢᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠪᠠ ᠡᠭᠦᠳᠬᠦ ᠬᠡᠷᠡᠭᠲᠡᠢ ᠭᠡᠵᠦ | ᠴᠢᠬᠤᠯᠠᠴᠢᠯᠠᠪᠠ᠃ | ︽ᠰᠢᠨ᠎ᠡ ᠴᠠᠭ ᠦᠶ᠎ᠡ ᠶᠢᠨ ᠰᠢᠨ᠎ᠡ ᠮᠠᠰᠢᠨ ᠲᠡᠷᠭᠡ︾ ᠪᠠᠷ ᠭᠤᠣᠯ ᠰᠡᠳᠦᠪ ᠪᠣᠯᠭᠠᠭᠰᠠᠨ 2024 ᠪᠡᠭᠡᠵᠢᠩ ᠤᠨ | ᠣᠯᠠᠨ ᠤᠯᠤᠰ ᠤᠨ ᠮᠠᠰᠢᠨ ᠲᠡᠷᠭᠡᠨ ᠤ ᠦᠵᠡᠰᠬᠦᠯᠡᠩ ᠪᠡᠭᠡᠵᠢᠩ ᠤᠨ ᠳᠤᠮᠳᠠᠳᠤ ᠤᠯᠤᠰ ᠤᠨ ᠣᠯᠠᠨ ᠤᠯᠤᠰ ᠤᠨ | ᠦᠵᠡᠰᠬᠦᠯᠡᠩ ᠤᠨ ᠲᠥᠪ ᠲᠤ ᠶᠠᠪᠤᠭᠳᠠᠪᠠ᠃ ᠯᠢ ᠴᠢᠶᠠᠩ ᠦᠵᠡᠰᠬᠦᠯᠡᠩ ᠤᠨ ᠣᠷᠳᠣᠨ ᠳᠤ ᠬᠦᠷᠴᠦ᠂ ᠳ᠋ᠦᠩ ᠹᠧᠩ᠂ | ᠪᠢ ᠶᠠ ᠳ᠋ᠢ᠂ ᡁᠢ ᠵᠢᠢ᠂ ᠪᠦᠦ ᠯᠠᠢ᠂ ᠵᠢᠢ ᠯᠢ᠂ ᠰᠢᠶᠣᠣ ᠮᠢ᠂ ᠰᠠᠢ ᠯᠢ ᠰᠧ᠂ ᠰᠢᠶᠣᠤ ᠫᠧᠩ ᠵᠡᠷᠭᠡ ᠮᠠᠰᠢᠨ ᠲᠡᠷᠭᠡᠨ ᠤ | ᠲᠦᠷᠦᠯ ᠲᠡᠮᠳᠡᠭ ᠤᠨ ᠦᠵᠡᠭᠦᠯᠭᠡ ᠶᠢᠨ ᠲᠣᠭᠤᠷᠢᠭ ᠢᠶᠠᠷ ᠲᠣᠭᠤᠷᠢᠨ ᠦᠵᠡᠵᠦ᠂ ᠦᠵᠡᠰᠬᠦᠯᠡᠩ ᠳᠤ ᠣᠷᠣᠯᠴᠠᠭᠰᠠᠨ ᠮᠠᠰᠢᠨ | ᠲᠡᠷᠭᠡᠨ ᠤ ᠬᠡᠯᠪᠡᠷᠢ ᠪᠣᠯᠤᠨ ᠮᠡᠷᠭᠡᠵᠢᠯ ᠤᠨ ᠦᠵᠡᠭᠦᠯᠭᠡ ᠶᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠠᠵᠤ | ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ | ᠪᠣᠷᠣᠯᠠᠭᠤᠯᠬᠤ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ | ᠯᠢ ᠴᠢᠶᠠᠩ ᠢᠯᠡᠷᠬᠡᠶᠢᠯᠡᠬᠦ ᠳᠡᠭᠡᠨ᠂ ᠲᠡᠷᠭᠡᠨ ᠦᠵᠡᠭᠦᠯᠦᠯᠭᠡ ᠶᠢ ᠦᠵᠡᠭᠡᠳ ᠮᠠᠰᠢ ᠶᠡᠭᠡ ᠵᠣᠷᠢᠭᠵᠢᠵᠤ᠂ ᠮᠠᠨ ᠤ | ᠤᠯᠤᠰ ᠤᠨ ᠤᠶᠤᠨᠲᠤ ᠰᠦᠯᠵᠢᠶᠡᠨ ᠤ ᠬᠤᠯᠪᠣᠭᠠᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠭᠵᠢᠯᠲᠡ ᠶᠢᠨ ᠬᠠᠨᠳᠤᠰᠢ | ᠴᠢᠩᠭ᠎ᠠ ᠪᠣᠯᠵᠤ᠂ ᠢᠯᠠᠩᠭᠤᠶ᠎ᠠ ᠪᠦᠷᠢᠨ ᠲᠡᠭᠦᠯᠳᠡᠷ ᠠᠵᠤ ᠦᠢᠯᠡᠰ ᠤᠨ ᠰᠢᠰᠲ᠋ᠧᠮ᠂ ᠦᠷᠭᠦᠯᠵᠢᠯᠡᠨ ᠰᠢᠨ᠎ᠡ ᠶᠢ ᠡᠭᠦᠳᠬᠦ | ᠣᠷᠣᠭᠤᠯᠤᠯᠲᠠ ᠳᠤ ᠲᠦᠰᠢᠭᠯᠡᠨ᠂ ᠵᠠᠬ᠎ᠠ ᠳᠡᠯᠭᠡᠭᠦᠷ ᠤᠨ ᠥᠷᠢᠰᠥᠯᠳᠦᠭᠡᠨ᠂ ᠨᠡᠭᠡᠭᠡᠯᠲᠡ ᠬᠢᠵᠦ ᠬᠠᠮᠲᠤᠷᠠᠯᠴᠠᠬᠤ ᠳᠤᠮᠳᠠ | ᠲᠡᠷᠢᠭᠦᠨ ᠤ ᠳᠠᠪᠠᠭᠤᠯᠢᠭ ᠢ ᠪᠦᠷᠢᠯᠳᠦᠭᠦᠯᠵᠦ᠂ ᠦᠷᠭᠦᠯᠵᠢᠯᠡᠨ ᠴᠢᠷᠮᠠᠶᠢᠵᠤ᠂ ᠡᠨᠡ ᠬᠦ ᠳᠠᠪᠠᠭᠤᠯᠢᠭ ᠢ ᠰᠠᠶᠢᠲᠤᠷ ᠪᠠᠲᠤᠯᠠᠵᠤ᠂ | ᠰᠠᠶᠢᠲᠤᠷ ᠬᠥᠭᠵᠢᠭᠦᠯᠬᠦ ᠬᠡᠷᠡᠭᠲᠡᠢ ᠭᠡᠵᠡᠢ᠃ ᠲᠡᠷᠡ ᠵᠢᠭᠠᠵᠤ ᠭᠠᠷᠭᠠᠭᠰᠠᠨ ᠨᠢ᠂ ᠣᠳᠣᠬᠠᠨ ᠳᠤ ᠮᠠᠰᠢᠨ ᠲᠡᠷᠭᠡᠨ ᠤ | ᠦᠢᠯᠡᠳᠬᠦᠨ ᠨᠢ ᠥᠩᠭᠡᠷᠡᠭᠰᠡᠨ ᠲᠠᠢ ᠨᠡᠯᠢᠶᠡᠳ ᠶᠡᠭᠡ ᠪᠣᠯᠵᠠᠢ᠂ ᠨᠢᠭᠡᠨᠲᠡ ᠳᠠᠩ ᠭᠠᠭᠴᠠ ᠵᠠᠮ ᠬᠠᠷᠢᠯᠴᠠᠭᠠᠨ ᠤ ᠪᠠᠭᠠᠵᠢ | ᠪᠢᠰᠢ᠂ ᠬᠠᠷᠢᠨ ᠡᠯ᠎ᠡ ᠵᠦᠢᠯ ᠤᠨ ᠮᠡᠷᠭᠡᠵᠢᠯ ᠢ ᠶᠡᠷᠦᠩᠬᠡᠶᠢᠯᠡᠨ ᠬᠡᠷᠡᠭᠯᠡᠬᠦ ᠨᠡᠶᠢᠯᠡᠮᠡᠯ ᠰᠢᠰᠲ᠋ᠧᠮ ᠪᠣᠯᠵᠠᠢ᠃ ᠤᠶᠤᠨᠲᠤ ᠲᠣᠣᠷ | ᠰᠦᠯᠵᠢᠶ᠎ᠡ ᠨᠢ ᠱᠢᠨ᠎ᠡ ᠡᠨᠧᠷᠭᠢ ᠶᠢᠨ ᠮᠠᠱᠢᠨ ᠲᠡᠷᠭᠡ ᠪᠣᠯ ᠮᠠᠱᠢᠨ᠂ ᠡᠯᠧᠺᠲᠷᠣᠨ᠂ ᠪᠣᠳᠣᠯᠲᠠ᠂ ᠣᠶᠢᠯᠠᠭᠠᠯᠲᠠ᠂ ᠦᠵᠡᠵᠦ | ᠰᠣᠨᠣᠰᠬᠤ᠂ ᠡᠨᠧᠷᠭᠢ ᠬᠠᠳᠠᠭᠠᠯᠠᠬᠤ ᠵᠡᠷᠭᠡ ᠣᠯᠠᠨ ᠵᠦᠢᠯ ᠤᠨ ᠮᠡᠷᠭᠡᠵᠢᠯ ᠢ ᠨᠢᠭᠡ ᠴᠣᠭᠴᠠᠵᠢᠭᠤᠯᠤᠭᠰᠠᠨ ︽ᠶᠡᠭᠡ ᠨᠣᠮᠧᠷᠲᠤ | ᠦᠵᠦᠭᠦᠷ︾ ᠪᠠᠶᠢᠵᠤ᠂ ᠮᠠᠱᠢᠨ ᠲᠡᠷᠭᠡᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠱᠢᠭᠦᠯᠬᠦ ᠭᠤᠣᠯ | ᠴᠢᠭᠯᠡᠯ ᠪᠣᠯᠵᠣ᠂ ᠮᠠᠱᠢ ᠥᠷᠭᠡᠨ ᠠᠭᠤᠳᠠᠮ ᠬᠥᠭᠵᠢᠯᠲᠡ ᠶᠢᠨ ᠠᠯᠤᠰ ᠢᠷᠡᠭᠡᠳᠦᠢ ᠲᠠᠢ ᠪᠠᠶᠢᠳᠠᠭ᠃ ᠥᠷᠭᠡᠨ ᠣᠯᠠᠨ ᠮᠠᠰᠢᠨ | ᠲᠡᠷᠭᠡᠨ ᠤ ᠠᠵᠤ ᠠᠬᠤᠶᠢᠯᠠᠯ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠬᠡᠷᠡᠭᠴᠡᠭᠡ ᠪᠠᠷ ᠤᠳᠤᠷᠢᠳᠤᠮᠵᠢ | ᠪᠣᠯᠭᠠᠵᠤ᠂ ᠶᠠᠰᠤ ᠴᠢᠨᠠᠷ ᠢᠶᠠᠷ ᠦᠨᠳᠦᠰᠦ ᠪᠣᠯᠭᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠤᠶᠤᠨᠴᠢᠯᠠᠨ | ᠦᠢᠯᠡᠳᠬᠦ ᠲᠦᠪᠰᠢᠨ ᠢ ᠳᠡᠭᠡᠭᠰᠢᠯᠡᠭᠦᠯᠬᠦ ᠶᠢᠨ ᠬᠠᠮᠲᠤ ᠪᠠᠷᠠᠭᠠᠯᠬᠢᠯᠠᠯ ᠤᠨ ᠴᠢᠨᠠᠷᠲᠠᠢ ᠮᠡᠷᠭᠡᠵᠢᠯ ᠢ ᠰᠤᠳᠤᠯᠤᠨ ᠨᠡᠭᠡᠭᠡᠬᠦ | ᠪᠠᠶᠢᠷᠢᠰᠢᠭᠤᠯᠤᠯᠲᠠ ᠶᠢ ᠴᠢᠩᠭᠠᠳᠬᠠᠵᠤ᠂ ᠮᠠᠰᠢᠨ ᠲᠡᠷᠭᠡᠨ ᠤ ᠠᠵᠤ ᠦᠢᠯᠡᠰ ᠤᠨ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠵᠦ ᠳᠡᠰ ᠳᠡᠪᠰᠢᠭᠦᠯᠬᠦ ᠶᠢ ᠠᠬᠢᠭᠤᠯᠵᠤ᠂ ᠪᠦᠬᠦ ᠪᠥᠮᠪᠥᠷᠴᠡᠭ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ | ᠭᠡᠵᠡᠢ᠃ | ᠯᠢ ᠴᠢᠶᠠᠩ ᠴᠢᠬᠤᠯᠠᠴᠢᠯᠠᠭᠰᠠᠨ ᠨᠢ᠂ ᠣᠳᠣᠬᠠᠨ ᠳᠤ ᠳᠤᠮᠳᠠᠳᠤ ᠤᠯᠤᠰ ᠪᠣᠯᠤᠨ ᠪᠦᠬᠦ ᠪᠥᠮᠪᠥᠷᠴᠡᠭ ᠤᠨ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠵᠠᠬ᠎ᠠ ᠳᠡᠯᠭᠡᠭᠦᠷ ᠴᠥᠮ ᠦᠷᠭᠦᠯᠵᠢᠯᠡᠨ ᠨᠡᠮᠡᠭᠳᠡᠵᠦ ᠪᠠᠶᠢᠨ᠎ᠠ᠂ ᠯᠤᠲᠤ ᠶᠡᠭᠡ ᠬᠡᠷᠡᠭᠴᠡᠭᠡᠨ ᠤ | ᠣᠷᠣᠨ ᠵᠠᠢ ᠲᠠᠢ ᠶᠤᠮ᠃ ᠣᠶᠤᠨᠴᠢ ᠰᠦᠯᠵᠢᠶᠡᠨ ᠤ ᠬᠤᠯᠪᠣᠭᠠᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠵᠣᠬᠢᠬᠤ | ᠬᠡᠮᠵᠢᠶᠡᠨ ᠳᠤ ᠪᠦᠬᠦ ᠪᠥᠮᠪᠥᠷᠴᠡᠭ ᠤᠨ ᠠᠵᠤ ᠦᠢᠯᠡᠰ ᠤᠨ ᠬᠠᠮᠲᠤᠷᠠᠯᠴᠠᠭᠠᠨ ᠤ ᠪᠦᠲᠦᠭᠡᠭᠳᠡᠬᠦᠨ ᠪᠣᠯᠤᠨ᠎ᠠ᠂ | ᠢᠷᠡᠭᠡᠳᠦᠢ ᠶᠢᠨ ᠬᠥᠭᠵᠢᠯᠲᠡ ᠳᠤ ᠡᠯ᠎ᠡ ᠲᠠᠯ᠎ᠠ ᠶᠢᠨ ᠬᠢᠨ ᠤ ᠳᠠᠪᠠᠭᠤᠯᠢᠭ ᠢᠶᠠᠨ ᠪᠠᠳᠠᠷᠠᠭᠤᠯᠵᠤ᠂ ᠠᠵᠢᠯ ᠬᠤᠪᠢᠶᠠᠷᠢᠯᠠᠨ | ᠬᠠᠮᠵᠢᠯᠴᠠᠬᠤ ᠪᠠᠨ ᠭᠦᠨᠵᠡᠭᠡᠶᠢᠷᠡᠭᠦᠯᠬᠦ ᠶᠢ ᠨᠡᠩ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠪᠦᠬᠦ ᠤᠯᠤᠰ ᠤᠨ ᠨᠢᠭᠡᠳᠦᠯᠲᠡᠢ | ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠨ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ ᠦᠷᠭᠦᠯᠵᠢᠯᠡᠨ | ᠠᠭᠤᠵᠢᠭᠤ ᠲᠠᠯᠪᠢᠵᠤ᠂ ᠠᠷᠠᠯᠵᠢᠶ᠎ᠠ ᠪᠡᠯᠡ ᠣᠷᠣᠭᠤᠯᠤᠯᠲᠠ ᠶᠢᠨ ᠴᠢᠯᠥᠭᠡᠵᠢᠯᠲᠡ ᠳᠥᠭᠦᠮᠴᠢᠯᠡᠯᠲᠡ ᠶᠢ ᠠᠬᠢᠭᠤᠯᠤᠨ᠂ | ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠵᠤ᠂ ᠳᠤᠮᠳᠠᠳᠤ ᠭᠠᠳᠠᠭᠠᠳᠤ ᠶᠢᠨ | ᠮᠠᠰᠢᠨ ᠲᠡᠷᠭᠡᠨ ᠤ ᠠᠵᠤ ᠠᠬᠤᠶᠢᠯᠠᠯ ᠤᠨ ᠬᠥᠷᠥᠩᠭᠡ᠂ ᠮᠡᠷᠭᠡᠵᠢᠯ᠂ ᠬᠠᠮᠢᠶᠠᠷᠤᠯᠲᠠ᠂ ᠴᠢᠳᠠᠪᠤᠷᠢᠲᠠᠨ ᠵᠡᠷᠭᠡ ᠲᠠᠯ᠎ᠠ ᠪᠠᠷ ᠨᠡᠩ | ᠥᠷᠭᠡᠨ ᠳᠡᠯᠭᠡᠷ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠤᠨ᠂ ᠳᠤᠮᠳᠠᠳᠤ ᠤᠯᠤᠰ ᠤᠨ ᠵᠠᠬ᠎ᠠ | ᠳᠡᠯᠭᠡᠭᠦᠷ ᠤᠨ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ ᠤᠨ ᠬᠤᠪᠢᠰᠬᠠᠯ ᠪᠠ | ᠠᠵᠤ ᠦᠢᠯᠡᠰ ᠤᠨ ᠬᠤᠪᠢᠰᠤᠯᠲᠠ ᠶᠢᠨ ᠳᠤᠮᠳᠠ ᠬᠠᠮᠲᠤ ᠪᠠᠷ ᠬᠥᠭᠵᠢᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠬᠦᠷᠲᠡᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠯᠢ ᠴᠢᠶᠠᠩ ᠵᠢᠭᠠᠵᠤ ᠭᠠᠷᠭᠠᠭᠰᠠᠨ ᠨᠢ᠂ ᠣᠳᠣᠬᠠᠨ ᠳᠤ ᠮᠠᠨ ᠤ ᠤᠯᠤᠰ ᠶᠠᠭ ᠰᠢᠨ᠎ᠡ ᠨᠢᠭᠡ ᠡᠭᠡᠯᠵᠢ ᠶᠢᠨ ᠶᠡᠭᠡ | ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠵᠤ | ᠪᠠᠶᠢᠨ᠎ᠠ᠃ ᠪᠡᠯᠡ ᠣᠷᠣᠭᠤᠯᠤᠯᠲᠠ ᠶᠢ ᠥᠷᠭᠡᠳᠬᠡᠬᠦ᠂ ᠬᠡᠷᠡᠭᠯᠡᠭᠡ ᠶᠢ ᠠᠬᠢᠭᠤᠯᠬᠤ ᠲᠠᠯ᠎ᠠ ᠪᠠᠷ ᠬᠢ ᠮᠠᠰᠢᠨ ᠲᠡᠷᠭᠡᠨ ᠤ ᠠᠵᠤ | ᠦᠢᠯᠡᠰ ᠤᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠨᠡᠩ ᠣᠯᠠᠨ ᠴᠢᠨᠠᠷ ᠰᠠᠶᠢᠲᠠᠢ ᠮᠠᠰᠢᠨ ᠲᠡᠷᠭᠡᠨ ᠤ | ᠦᠢᠯᠡᠳᠬᠦᠨ ᠢ ᠰᠠᠭᠤᠭᠠᠯᠢ ᠠᠷᠠᠳ ᠤᠨ ᠠᠮᠢᠳᠤᠷᠠᠯ ᠳᠤ ᠣᠷᠣᠭᠤᠯᠬᠤ ᠬᠡᠷᠡᠭᠲᠡᠢ᠃ ᠬᠤᠳᠠᠯᠳᠤᠨ ᠠᠪᠴᠤ ᠬᠡᠷᠡᠭᠯᠡᠬᠦ ᠶᠢ | ᠳᠡᠮᠵᠢᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ | ᠰᠦᠯᠵᠢᠶᠡᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡᠨ ᠤ | ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠡᠷᠡᠭᠯᠡᠭᠡᠨ ᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠮᠠᠰᠢᠨ ᠲᠡᠷᠭᠡ ᠵᠡᠷᠭᠡ | ᠶᠡᠭᠡ ᠬᠡᠮᠵᠢᠶᠡᠨ ᠤ ᠲᠠᠸᠠᠷ ᠤᠨ ᠬᠡᠷᠡᠭᠯᠡᠭᠡᠨ ᠤ ᠳᠠᠯᠳᠠ ᠬᠦᠴᠦᠨ ᠢ ᠨᠡᠩ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠃ | ᠡᠦ ᠵᠧᠩ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |