︽ᠰᠢ ᠶᠢᠨ ᠫᠢᠩ ︿ᠨᠢᠭᠡ ᠪᠦᠰᠡ ᠨᠢᠭᠡ ᠵᠠᠮ﹀ ᠤᠨ ᠲᠤᠬᠠᠶ ᠶᠠᠷᠢᠭᠰᠠᠨ ᠨᠢ ︵2023 ᠣᠨ ᠤ ᠬᠡᠪᠯᠡᠯ︶︾ ᠭᠡᠬᠦ ᠨᠣᠮ ᠤᠨ ᠠᠩᠭ᠍ᠯᠢ ᠬᠡᠯᠡᠨ ᠤ ᠬᠡᠪᠯᠡᠯ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2024/4/29
   ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠣᠷᠴᠢᠭᠤᠯᠤᠭᠰᠠᠨ ︽ᠰᠢ ᠶᠢᠨ ᠫᠢᠩ ︿ᠨᠢᠭᠡ ᠪᠦᠰᠡ ᠨᠢᠭᠡ ᠵᠠᠮ﹀ ᠤᠨ ᠲᠤᠬᠠᠶ ᠶᠠᠷᠢᠭᠰᠠᠨ ᠨᠢ ︵2023 ᠣᠨ ᠤ ᠬᠡᠪᠯᠡᠯ ︶︾ ᠭᠡᠬᠦ ᠨᠣᠮ ᠤᠨ ᠠᠩᠭ᠍ᠯᠢ ᠬᠡᠯᠡᠨ ᠤ ᠬᠡᠪᠯᠡᠯ ᠢ ᠣᠶᠢᠷ᠎ᠠ ᠳᠤ ᠲᠥᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠳᠤ ᠲᠠᠷᠬᠠᠭᠠᠪᠠ᠃   ︽ᠰᠢ ᠶᠢᠨ ᠫᠢᠩ ︿ᠨᠢᠭᠡ ᠪᠦᠰᠡ ᠨᠢᠭᠡ ᠵᠠᠮ﹀ ᠤᠨ ᠲᠤᠬᠠᠶ ᠶᠠᠷᠢᠭᠰᠠᠨ ᠨᠢ︾ ᠭᠡᠬᠦ ᠨᠣᠮ ᠢ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ 2013 ᠣᠨ ᠤ 9 ᠰᠠᠷ᠎ᠠ ᠠᠴᠠ 2023 ᠣᠨ ᠤ 11 ᠰᠠᠷ᠎ᠠ ᠪᠣᠯᠲᠠᠯᠠᠬᠢ ᠬᠤᠭᠤᠴᠠᠭᠠᠨ ᠳᠠᠬᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠲᠤᠬᠠᠶ ᠶᠠᠷᠢᠭᠰᠠᠨ 78 ᠴᠢᠬᠤᠯᠠ ᠡᠬᠡ ᠪᠢᠴᠢᠭ ᠢ ᠣᠷᠣᠭᠤᠯᠪᠠ᠃ ᠪᠥᠬᠦ ᠨᠣᠮ ᠳᠤ ᠶᠡᠷᠦᠩᠬᠡᠶ ᠱᠦᠵᠢ ᠰᠢ ᠶᠢᠨ ᠫᠢᠩ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠵᠢᠯᠣᠭᠤᠳᠬᠤ ᠵᠠᠷᠴᠢᠮ᠂ ᠪᠠᠶᠠᠯᠢᠭ ᠠᠭᠤᠯᠤᠭᠳᠠᠬᠤᠨ᠂ ᠬᠠᠷᠠᠯᠲᠠ ᠠᠷᠭ᠎ᠠ ᠵᠠᠮ ᠵᠡᠷᠭᠡ ᠶᠢᠨ ᠲᠤᠬᠠᠶ ᠭᠦᠨᠵᠡᠭᠡᠶ ᠥᠭᠦᠯᠡᠯᠲᠡ ᠶᠢ ᠰᠢᠰᠲ᠋ᠧᠮ ᠲᠠᠢ ᠲᠤᠰᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠨᠢ ᠳᠤᠮᠳᠠᠳᠤ ᠤᠯᠤᠰ ᠤᠨ ᠰᠠᠨᠠᠭᠠᠴᠢᠯᠠᠭ᠎ᠠ ᠪᠠᠶᠢᠭᠰᠠᠨ ᠠᠴᠠ ᠣᠯᠠᠨ ᠤᠯᠤᠰ ᠤᠨ ᠦᠢᠯᠡᠳᠦᠯᠭᠡ ᠲᠡᠶᠢᠰᠢ ᠤᠷᠤᠭᠰᠢᠯᠠᠭᠰᠠᠨ᠂ ᠣᠶᠢᠯᠠᠭᠠᠭᠳᠠᠬᠤᠨ ᠠᠴᠠ ᠠᠵᠢᠯᠯᠠᠭ᠎ᠠ ᠪᠣᠯᠵᠤ ᠬᠤᠪᠢᠷᠠᠭᠰᠠᠨ᠂ ᠠᠯᠤᠰ ᠤᠨ ᠲᠥᠰᠦᠪ ᠠᠴᠠ ᠪᠣᠳᠠᠲᠤ ᠠᠬᠤᠶ ᠪᠣᠯᠵᠤ ᠬᠤᠪᠢᠷᠠᠭᠰᠠᠨ᠂ ᠲᠦᠰᠦᠪᠯᠡᠨ ᠪᠠᠶᠢᠷᠢᠰᠢᠭᠤᠯᠤᠭᠰᠠᠨ ︽ᠤᠳᠬᠠᠴᠢᠯᠠᠭᠰᠠᠨ ᠵᠢᠷᠤᠭ︾ ᠠᠴᠠ ᠨᠠᠷᠢᠨ ᠰᠡᠶᠢᠯᠵᠦ ᠨᠢᠮᠪᠠᠢ ᠤᠷᠠᠯᠠᠭᠰᠠᠨ ︽ᠭᠤᠶᠢᠳᠠ ᠵᠢᠷᠤᠭ︾ ᠪᠤᠯᠤᠭᠰᠠᠨ ᠬᠦᠷᠲᠡᠯ᠎ᠡ᠂ ᠦᠨᠡᠨ ᠪᠣᠳᠠᠲᠠᠶ ᠪᠥᠭᠡᠳ ᠴᠢᠬᠤᠯᠠ ᠶᠡᠭᠡ ᠠᠮᠵᠢᠯᠲᠠ ᠪᠦᠲᠦᠮᠵᠢ ᠣᠯᠵᠤ᠂ ᠭᠦᠨ ᠬᠦᠷᠢᠶᠡᠯᠡᠯ ᠣᠯᠤᠭᠰᠠᠨ ᠣᠯᠠᠨ ᠤᠯᠤᠰ ᠤᠨ ᠣᠯᠠᠨ ᠨᠡᠶᠢᠲᠡ ᠶᠢᠨ ᠦᠢᠯᠡᠳᠬᠦᠨ ᠪᠠ ᠣᠯᠠᠨ ᠤᠯᠤᠰ ᠤᠨ ᠬᠠᠮᠲᠤᠷᠠᠯᠴᠠᠭᠠᠨ ᠤ ᠲᠠᠪᠴᠠᠩ ᠤᠨ ᠬᠥᠭᠵᠢᠯᠲᠡ ᠶᠢᠨ ᠶᠠᠪᠤᠴᠠ ᠪᠣᠯᠤᠭᠰᠠᠨ ᠢ ᠪᠦᠬᠦ ᠲᠠᠯ᠎ᠠ ᠪᠠᠷ ᠢᠯᠡᠷᠡᠭᠦᠯᠪᠡ᠃   ᠲᠣᠰ ᠨᠣᠮ ᠤᠨ ᠠᠩᠭ᠍ᠯᠢ ᠬᠡᠯᠡᠨ ᠤ ᠬᠡᠪᠯᠡᠯ ᠢ ᠬᠡᠪᠯᠡᠨ ᠲᠠᠷᠬᠠᠭᠠᠭᠰᠠᠨ ᠨᠢ ᠭᠠᠳᠠᠭᠠᠳᠤ ᠶᠢᠨ ᠤᠩᠰᠢᠭᠴᠢᠳ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠣᠶᠢᠯᠠᠭᠠᠭᠳᠠᠬᠤᠨ᠂ ᠠᠷᠭ᠎ᠠ ᠬᠡᠮᠵᠢᠶ᠎ᠡ᠂ ᠬᠠᠷᠠᠯᠲᠠ ᠪᠠ ᠦᠷ᠎ᠡ ᠪᠦᠲᠦᠭᠡᠯ ᠢ ᠭᠦᠨᠵᠡᠭᠡᠶ ᠣᠶᠢᠯᠠᠭᠠᠬᠤ ᠳᠤ ᠠᠰᠢᠭᠲᠠᠶ ᠪᠠᠶᠢᠵᠤ᠂ ᠳᠡᠯᠡᠬᠡᠶ ᠨᠡᠶᠢᠲᠡ ᠶᠢᠨ ᠲᠠᠨᠢᠯᠲᠠ ᠣᠶᠢᠯᠠᠭᠠᠯᠲᠠ ᠶᠢ ᠤᠯᠠᠮ ᠴᠢᠨᠠᠭᠰᠢᠳᠠ ᠨᠡᠮᠡᠭᠳᠡᠭᠦᠯᠬᠦ᠂ ︽ᠨᠢᠭᠡ ᠪᠦᠰᠡ ᠨᠢᠭᠡ ᠵᠠᠮ︾ ᠤᠨ ᠣᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ︽ᠨᠢᠭᠡ ᠪᠦᠰᠡ ᠨᠢᠭᠡ ᠵᠠᠮ︾ ᠢᠶᠠᠷ ᠨᠠᠩ ᠣᠯᠠᠨ ᠤᠯᠤᠰ ᠪᠠ ᠠᠷᠠᠳ ᠲᠦᠮᠡᠨ ᠳᠤ ᠠᠰᠢᠭ ᠬᠦᠷᠲᠡᠭᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 28 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号