ᠪᠣᠯᠪᠠᠰᠤᠷᠠᠯ ᠢᠶᠠᠷ ᠠᠵᠢᠯ ᠣᠯᠭᠤᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/3
   ᠦᠨᠳᠦᠰᠦᠨ ᠱᠠᠲᠤᠨ ᠤ ᠮᠠᠯᠴᠢᠨ ᠲᠠᠷᠢᠶᠠᠴᠢᠨ ᠤ ᠡᠮᠡᠭᠲᠡᠶᠢᠴᠦᠳ ᠤᠨ ᠤᠷ᠎ᠠ ᠴᠢᠳᠠᠪᠤᠷᠢ ᠬᠡᠪ ᠴᠢᠨᠠᠷ ᠪᠣᠯᠤᠨ ᠦᠢᠯᠡᠰ ᠪᠣᠰᠬᠠᠵᠤ ᠠᠵᠢᠯ ᠣᠯᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠩ ᠣᠯᠠᠨ ᠡᠮᠡᠭᠲᠡᠶᠢᠴᠦᠳ ᠢ ᠬᠠᠪᠰᠤᠷᠤᠨ ᠠᠵᠢᠯ ᠤᠨ ᠴᠢᠯᠥᠭᠡᠨ ᠤ ᠴᠠᠭ ᠤᠨ ᠳᠣᠲᠣᠷ᠎ᠠ ᠦᠢᠯᠡᠰ ᠪᠣᠰᠬᠠᠵᠤ ᠣᠷᠣᠯᠭ᠎ᠠ ᠶᠢ ᠨᠢ ᠨᠡᠮᠡᠭᠳᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠯᠢᠶᠠᠨ ᠾᠧ ᠮᠢ ᠺᠠᠢ ᠮᠧᠢ ᠬᠤᠪᠴᠠᠰᠤ ᠦᠢᠯᠡᠳᠬᠦ ᠬᠢᠵᠠᠭᠠᠷᠲᠤ ᠺᠣᠮᠫᠠᠨᠢ ᠪᠠᠶᠠᠨᠬᠤᠰᠢᠭᠤ ᠪᠠᠯᠭᠠᠰᠤᠨ ᠤ ᠰᠢᠷᠭ᠎ᠠ ᠭᠠᠴᠠᠭ᠎ᠠ ᠶᠢᠨ ︽ᠭᠠᠷ ᠦᠢᠯᠡᠳᠬᠡᠯ ᠤᠨ ᠦᠢᠯᠡᠳᠬᠡᠯ︾᠎ ᠳᠤ ᠭᠠᠷ ᠤᠷᠠᠯᠠᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠥᠷᠨᠢᠭᠦᠯᠪᠡ᠃    ᠪᠣᠯᠪᠠᠰᠤᠷᠠᠯ ᠤᠨ ᠠᠩᠭᠢ ᠳᠤ᠂ ᠠᠵᠢᠯᠲᠠᠳ ᠰᠤᠪᠤᠳ ᠬᠠᠳᠬᠤᠮᠠᠯ ᠤᠨ ᠶᠠᠪᠤᠴᠠ ᠪᠣᠯᠤᠨ ᠵᠠᠬᠢᠶᠠᠯᠠᠭ᠎ᠠ ᠣᠯᠭᠤᠬᠤ ᠪᠠ ᠬᠤᠷᠢᠶᠠᠨ ᠠᠪᠬᠤ ᠶᠠᠪᠤᠴᠠ ᠶᠢ ᠣᠯᠠᠨ ᠳᠤ ᠲᠠᠨᠢᠯᠴᠠᠭᠤᠯᠵᠤ᠂ ᠰᠤᠷᠤᠭᠴᠢᠳ ᠨᠠᠷᠢᠨ ᠬᠢᠨᠠᠮᠠᠭᠠᠢ ᠰᠣᠨᠣᠰᠴᠤ᠂ ᠰᠤᠪᠤᠳ ᠤᠨ ᠬᠠᠳᠬᠤᠮᠠᠯ ᠳᠤ ᠭᠦᠨ ᠵᠤᠵᠠᠭᠠᠨ ᠳᠤᠷ᠎ᠠ ᠰᠣᠨᠢᠷᠬᠠᠯ ᠲᠠᠢ ᠪᠣᠯᠪᠠ᠃ ᠰᠤᠷᠤᠭᠴᠢᠳ ᠲᠤ ᠤᠷ᠎ᠠ ᠳᠡᠮ ᠢ ᠨᠡᠩ ᠰᠠᠶᠢᠨ ᠣᠶᠢᠯᠠᠭᠠᠭᠤᠯᠬᠤ ᠶᠢᠨ ᠲᠥᠯᠥᠭᠡ᠂ ᠠᠵᠢᠯᠲᠠᠳ ᠢ ᠳᠠᠭᠠᠭᠤᠯᠤᠨ ᠠᠯᠬᠤᠮ ᠠᠯᠬᠤᠮ ᠢᠶᠠᠷ ᠦᠢᠯᠡᠳᠦᠯᠭᠡᠵᠢᠭᠦᠯᠦᠨ ᠠᠵᠢᠯᠯᠠᠭᠤᠯᠵᠤ᠂ ᠭᠠᠷ ᠳᠠᠭᠠᠨ ᠰᠤᠪᠤᠳ ᠬᠠᠳᠬᠤᠮᠠᠯ ᠤᠨ ᠤᠷ᠎ᠠ ᠮᠡᠷᠭᠡᠵᠢᠯ ᠢ ᠵᠢᠭᠠᠪᠠ᠃    ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠡᠮᠡᠭᠲᠡᠶᠢᠴᠦᠳ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠡᠮᠡᠭᠲᠡᠶᠢᠴᠦᠳ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠥᠷᠨᠢᠭᠦᠯᠵᠦ᠂ ᠠᠳᠠᠯ ᠦᠢᠯᠡᠰ ᠴᠣᠭᠴᠠᠯᠠᠬᠤ ᠨᠡᠷᠡᠲᠦ ᠲᠡᠮᠳᠡᠭᠲᠦ ᠶᠢ ᠪᠣᠢ ᠪᠣᠯᠭᠠᠨ᠂ ᠨᠡᠩ ᠣᠯᠠᠨ ᠡᠮᠡᠭᠲᠡᠶᠢᠴᠦᠳ ᠤᠨ ᠠᠵᠢᠯ ᠣᠯᠬᠤ ᠦᠵᠡᠯᠲᠡ ᠪᠠᠨ ᠬᠤᠪᠢᠷᠠᠭᠤᠯᠬᠤ ᠶᠢ ᠳᠠᠶᠢᠴᠢᠯᠠᠵᠤ᠂ ᠠᠳᠠᠯ ᠦᠢᠯᠡᠰ ᠴᠣᠭᠴᠠᠯᠠᠬᠤ᠂ ᠠᠵᠢᠯ ᠣᠯᠬᠤ ᠠᠷᠭ᠎ᠠ ᠵᠠᠮ ᠢ ᠥᠷᠭᠡᠳᠬᠡᠨ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号