ᠠᠷᠠᠳ ᠲᠤ ᠳᠥᠭᠦᠮ ᠦᠵᠡᠭᠦᠯᠬᠦ ᠬᠠᠪᠤᠷ ᠤᠨ ᠰᠠᠯᠬᠢᠨ ᠳᠤ ᠭᠠᠶᠢᠯᠢ ᠲᠠᠲᠠᠪᠤᠷᠢ ᠶᠢᠨ ᠤᠬᠠᠭᠤᠯᠭ᠎ᠠ ᠶᠠᠭ ᠰᠠᠶᠢᠬᠠᠨ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/4/3
    4 ᠰᠠᠷ᠎ᠠ ᠶᠢᠨ 1᠎ ᠤ ᠡᠳᠦᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠭᠠᠶᠢᠯᠢ ᠲᠠᠲᠠᠪᠤᠷᠢ ᠶᠢᠨ ᠬᠥᠭᠵᠢᠯᠲᠡ ᠶᠢ ᠰᠢᠨ᠎ᠡ ᠪᠠᠶᠢᠳᠠᠯ ᠳᠤ ᠣᠷᠣᠭᠤᠯᠬᠤ︾ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠩᠬᠠᠨ ᠤ ᠤᠬᠠᠭᠤᠯᠭ᠎ᠠ ᠶᠢᠨ ᠡᠳᠦᠷ ᠤᠨ ᠰᠢᠷᠢᠰ ᠠᠵᠢᠯᠯᠠᠭ᠎ᠠ ᠶᠢ ᠡᠷᠬᠢᠯᠡᠵᠦ᠂ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠬᠥᠰᠢᠭᠡ ᠶᠢ ᠪᠦᠬᠦ ᠲᠠᠯ᠎ᠠ ᠪᠠᠷ ᠡᠬᠢᠯᠡᠭᠦᠯᠪᠡ᠃    ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠤᠷᠤᠰᠬᠠᠯ ᠢ ᠰᠠᠯᠤᠯ ᠦᠭᠡᠢ ᠳᠠᠭᠠᠵᠤ᠂ ᠬᠡᠯᠪᠡᠷᠢ ᠶᠢᠨ ᠰᠢᠨ᠎ᠡ ᠶᠢ ᠡᠭᠦᠳᠴᠦ᠂ ︽ᠬᠠᠪᠤᠷ ᠤᠨ ᠤᠯᠠᠷᠢᠯ ᠤᠨ ᠵᠤᠭᠠᠴᠠᠯ ᠤᠨ ᠬᠦᠷᠢᠶᠡᠯᠡᠩ᠂ ᠰᠣᠨᠢᠷᠬᠠᠯᠲᠠᠢ ᠭᠠᠶᠢᠯᠢ ᠪᠠᠷ ᠠᠰᠢᠭ ᠬᠦᠷᠲᠡᠭᠡᠬᠦ︾ ᠭᠠᠶᠢᠯᠢ ᠶᠢᠨ ᠡᠯᠧᠮᠧᠨ᠋ᠲ ᠢ ᠺᠠᠷᠲ ᠴᠣᠬᠢᠬᠤ ᠠᠵᠢᠯᠯᠠᠭ᠎ᠠ ᠶᠢ ᠥᠷᠨᠢᠭᠦᠯᠵᠦ᠂ ᠭᠠᠶᠢᠯᠢ ᠶᠢᠨ ᠶᠠᠪᠤᠳᠠᠯ ᠤᠨ ᠺᠠᠳ᠋ᠷ ᠬᠢᠭᠡᠳ ᠭᠠᠶᠢᠯᠢ ᠲᠤᠰᠢᠶᠠᠭᠴᠢ ᠶᠢᠨ ᠲᠥᠯᠥᠭᠡᠯᠡᠭᠴᠢ ᠠᠴᠠ ᠵᠣᠬᠢᠶᠠᠨ ᠪᠠᠶᠢᠭᠤᠯᠵᠤ ᠰᠡᠭᠦᠳᠡᠷ ᠲᠠᠲᠠᠬᠤ ᠰᠠᠭᠤᠷᠢᠨ ᠭᠠᠵᠠᠷ ᠲᠤ ᠭᠦᠨᠵᠡᠭᠡᠶᠢᠷᠡᠨ᠂ ᠤᠷᠢᠳᠴᠢᠯᠠᠨ ᠲᠠᠯᠪᠢᠭᠰᠠᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠳᠡᠪᠲᠡᠷ᠂ ᠭᠠᠶᠢᠯᠢ ᠶᠢᠨ ᠶᠠᠪᠤᠳᠠᠯ ᠤᠨ ᠨᠣᠮ ᠪᠢᠴᠢᠭ ᠵᠡᠷᠭᠡ ᠭᠠᠶᠢᠯᠢ ᠶᠢᠨ ᠶᠠᠪᠤᠳᠠᠯ ᠤᠨ ᠡᠯᠧᠮᠧᠨ᠋ᠲ ᠢ ᠡᠷᠢᠨ᠂ ᠬᠡᠯᠪᠡᠷᠢ ᠪᠠᠷ ᠰᠢᠨ᠎ᠡ ᠰᠣᠷᠭᠤᠭ ᠺᠠᠷᠲ ᠰᠠᠴᠤᠬᠤ ᠪᠠᠷ ᠠᠴᠢᠶᠠᠯᠠᠪᠤᠷᠢ ᠪᠣᠯᠭᠠᠵᠤ᠂ ᠭᠠᠶᠢᠯᠢ ᠲᠤᠰᠢᠶᠠᠭᠴᠢ᠂ ᠰᠦᠶ᠋ᠳᠬᠡᠯ ᠲᠤᠰᠢᠶᠠᠭᠴᠢᠳ ᠲᠤ ᠮᠡᠳᠡᠯᠭᠡ ᠶᠢᠨ ᠴᠢᠨᠠᠷᠲᠠᠢ᠂ ᠰᠣᠨᠢᠷᠬᠠᠯᠲᠤ ᠴᠢᠨᠠᠷᠲᠠᠢ ᠭᠠᠶᠢᠯᠢ ᠶᠢᠨ ᠬᠠᠤᠯᠢ ᠶᠢᠨ ᠤᠬᠠᠭᠤᠯᠭ᠎ᠠ ᠶᠢ ᠦᠵᠡᠭᠦᠯᠪᠡ᠃    ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠴᠢᠩᠭᠠᠳᠬᠠᠬᠤ ᠶᠢᠨ ᠲᠥᠯᠥᠭᠡ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠣᠯᠠᠨ ᠬᠠᠷᠠᠭᠠᠰᠤ᠂ ᠪᠦᠬᠦ ᠲᠠᠯ᠎ᠠ ᠶᠢᠨ᠂ ᠥᠷᠭᠡᠨ ᠬᠠᠮᠤᠷᠬᠤ ᠤᠬᠠᠭᠤᠯᠭ᠎ᠠ ᠶᠢᠨ ᠦᠢᠯᠡᠴᠢᠯᠡᠭᠡ ᠭᠠᠷᠭᠠᠪᠠ᠃ ︽ᠰᠦᠯᠵᠢᠶᠡᠨ ᠳᠡᠭᠡᠷ᠎ᠡ︾ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠸᠢᠳᠢᠣ᠋ ᠲᠠᠯᠪᠢᠵᠤ᠂ ᠪᠦᠬᠦ ᠬᠤᠰᠢᠭᠤᠨ ᠤ ᠥᠷᠭᠡᠨ ᠣᠯᠠᠨ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠳᠤ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠶᠢᠨ ᠵᠢᠯᠣᠭᠤᠳᠣᠯᠭ᠎ᠠ ᠬᠠᠩᠭᠠᠪᠠ᠃ ︽ᠰᠦᠯᠵᠢᠶᠡᠨ ᠭᠠᠳᠠᠨ᠎ᠠ︾ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠪᠠᠯᠭᠠᠰᠤᠨ ᠤ ᠬᠡᠪᠴᠢᠶᠡᠨ ᠳᠤ ᠣᠯᠠᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠦᠢᠯᠡᠴᠢᠯᠡᠭᠡᠨ ᠤ ᠥᠷᠲᠡᠭᠡ ᠶᠢ ᠲᠣᠬᠢᠷᠠᠭᠤᠯᠬᠤ ᠶᠢᠨ ᠬᠠᠮᠲᠤ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ᠂ ᠭᠠᠶᠢᠯᠢ ᠲᠤᠰᠢᠶᠠᠭᠴᠢ ᠶᠢᠨ ᠭᠠᠶᠢᠯᠢ ᠳᠤ ᠬᠤᠯᠪᠣᠭᠳᠠᠬᠤ ᠬᠦᠴᠢᠷ ᠲᠦᠪᠡᠭᠲᠡᠢ ᠠᠰᠠᠭᠤᠳᠠᠯ ᠢ ᠨᠢᠭᠤᠷᠲᠠᠨ ᠲᠠᠶᠢᠯᠪᠤᠷᠢᠯᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠴᠢᠩᠭᠠᠳᠬᠠᠪᠠ᠃    ᠳᠠᠷᠠᠭᠠᠴᠢ ᠶᠢᠨ ᠠᠯᠬᠤᠮ ᠳᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠶᠢ ᠯᠠᠪᠳᠠᠭᠤᠨ ᠪᠠᠲᠤᠲᠠᠢ ᠪᠦᠲᠦᠮᠵᠢᠲᠡᠢ ᠥᠷᠨᠢᠭᠦᠯᠵᠦ᠂ ᠭᠠᠶᠢᠯᠢ ᠲᠤᠰᠢᠶᠠᠭᠴᠢ᠂ ᠰᠦᠶ᠋ᠳᠬᠡᠯ ᠲᠤᠰᠢᠶᠠᠭᠴᠢ ᠶᠢᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠨ᠂ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠭᠠᠶᠢᠯᠢ ᠲᠠᠲᠠᠪᠤᠷᠢ ᠶᠢᠨ ᠡᠭᠦᠷᠭᠡ ᠴᠢᠳᠠᠪᠤᠷᠢ ᠶᠢ ᠤᠷᠲᠤ ᠬᠤᠭᠤᠴᠠᠭ᠎ᠠ ᠪᠠᠷ ᠪᠠᠷᠢᠮᠲᠠᠯᠠᠨ᠂ ᠭᠠᠶᠢᠯᠢ ᠲᠤᠰᠢᠶᠠᠬᠤ ᠦᠢᠯᠡᠴᠢᠯᠡᠭᠡ ᠶᠢ ᠦᠨᠡᠨ ᠬᠦ ᠰᠢᠯᠢᠳᠡᠭᠵᠢᠭᠦᠯᠵᠦ᠂ ᠭᠠᠶᠢᠯᠢ ᠶᠢᠨ ᠬᠠᠤᠯᠢ ᠶᠢᠨ ᠤᠬᠠᠭᠤᠯᠭ᠎ᠠ ᠶᠢ ᠲᠠᠰᠤᠷᠠᠯᠲᠠ ᠥᠬᠡᠶ ᠴᠢᠩᠭᠠᠳᠬᠠᠵᠤ᠂ ︽ᠭᠠᠶᠢᠯᠢ ᠳᠤ ᠲᠤᠰᠠᠯᠠᠵᠤ ᠬᠥᠭᠵᠢᠭᠦᠯᠬᠦ ᠶᠢ ᠰᠢᠨ᠎ᠡ ᠬᠦᠴᠦᠨ ᠪᠣᠯᠭᠠᠨ ᠠᠬᠢᠭᠤᠯᠬᠤ︾ ᠭᠤᠣᠯ ᠰᠡᠳᠦᠪᠲᠦ ᠬᠥᠮᠦᠰ ᠤᠨ ᠰᠡᠳᠬᠢᠯ ᠳᠤ ᠦᠨᠡᠨᠬᠦ ᠬᠠᠳᠠᠩᠰᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号