ᠲᠠᠷᠢᠶᠠᠯᠠᠭ᠎ᠠ ᠶᠢᠨ ᠴᠠᠭ ᠢ ᠵᠠᠪᠳᠤᠨ ᠶᠠᠭᠠᠷᠠᠵᠤ ᠪᠠᠶᠢᠭᠠᠳ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠭᠦᠢᠴᠡᠳ ᠪᠡᠯᠡᠳᠬᠡᠨ ᠬᠠᠪᠤᠷ ᠤᠨ ᠲᠠᠷᠢᠶᠠᠯᠠᠭ᠎ᠠ ᠶᠢ ᠪᠠᠳᠤᠯᠠᠨ᠎ᠠ
ᠨᠡᠶᠢᠲᠡᠯᠡᠭᠰᠡᠨ ᠴᠠᠭ᠄
2024/4/3
    ᠬᠥᠮᠦᠨ ᠨᠢ ᠠᠵᠢᠯᠴᠢ ᠬᠠᠪᠤᠷ ᠤᠨ ᠴᠠᠭ ᠡᠷᠲᠡ ᠢᠷᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠶᠠᠭᠠᠷᠠᠨ᠎ᠠ ᠃ ᠣᠶᠢᠷ᠎ᠠ ᠶᠢᠨ ᠡᠳᠦᠷ ᠤᠳ ᠲᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠭᠠᠵᠠᠷ ᠤᠨ ᠲᠠᠷᠢᠶᠠᠴᠢᠨ ᠡᠷᠦᠬᠡ ᠲᠠᠷᠢᠶᠠᠯᠠᠩ ᠤᠨ ᠴᠠᠭ ᠢ ᠠᠮᠵᠢᠨ᠂ ᠬᠦᠯᠡᠮᠵᠢ ᠪᠠᠶᠢᠭᠤᠯᠬᠤ᠂ ᠦᠷ᠎ᠡ ᠬᠢᠮᠢ ᠶᠢᠨ ᠪᠣᠷᠳᠣᠭᠤᠷ ᠢ ᠭᠦᠢᠴᠡᠳ ᠪᠡᠯᠡᠳᠬᠡᠬᠦ ᠵᠡᠷᠭᠡ ᠠᠵᠢᠯ ᠢ ᠥᠷᠨᠢᠭᠦᠯᠬᠦ ᠶᠢᠨ ᠬᠠᠮᠲᠤ ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠢ ᠤᠷᠢᠵᠤ ᠮᠠᠯᠴᠢᠨ ᠲᠠᠷᠢᠶᠠᠴᠢᠨ ᠳᠤ ᠲᠠᠷᠢᠶᠠᠯᠠᠩ ᠤᠨ ᠮᠡᠷᠭᠡᠵᠢᠯ ᠤᠨ ᠮᠡᠳᠡᠯᠭᠡ ᠶᠢ ᠳᠡᠯᠭᠡᠷᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠦᠴᠦᠨ ᠨᠡᠮᠡᠷᠢᠯᠡᠪᠡ᠃    ᠪᠠᠶᠠᠨᠬᠤᠰᠢᠭᠤ ᠪᠠᠯᠭᠠᠰᠤᠨ ᠤ ᠶᠡᠬᠡᠳᠡᠯ᠎ᠡ ᠭᠠᠴᠠᠭᠠᠨ ᠳᠤ᠂ ᠲᠤᠬᠠᠢ ᠶᠢᠨ ᠭᠠᠵᠠᠷ ᠤᠨ ᠲᠠᠷᠢᠶᠠᠴᠢᠳ ᠨᠢᠭᠡᠨᠲᠡ ᠡᠮᠬᠢ ᠵᠢᠷᠤᠮ ᠲᠠᠢ ᠪᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠣᠷᠣᠯᠴᠠᠵᠤ᠂ ᠭᠠᠴᠠᠭᠠᠨ ᠤ ᠲᠠᠷᠢᠮᠠᠯ ᠤᠨ ᠡᠷᠦᠬᠡ ᠲᠦᠩ ᠴᠢᠩ ᠯᠢᠨ ᠪᠣᠯ ᠳᠠᠷᠤᠢ ᠡᠭᠦᠨ ᠤ ᠳᠣᠲᠣᠷᠠᠬᠢ ᠨᠢᠭᠡ ᠪᠣᠯᠤᠨ᠎ᠠ᠃ ᠠᠭᠤᠷ ᠠᠮᠢᠰᠬᠤᠯ ᠴᠡᠯᠮᠡᠭᠰᠢᠬᠦ ᠶᠢ ᠵᠠᠪᠳᠤᠨ᠂ ᠲᠦᠩ ᠴᠢᠩ ᠯᠢᠨ ᠨᠢᠭᠡᠨᠲᠡ ᠬᠦᠯᠡᠮᠵᠢ ᠪᠠᠶᠢᠭᠤᠯᠵᠤ᠂ ᠲᠠᠷᠢᠶᠠᠨ ᠭᠠᠵᠠᠷ ᠢ ᠮᠠᠯᠲᠠᠭᠤᠯᠵᠤ᠂ ᠲᠠᠷᠢᠶᠠᠯᠠᠩ ᠤᠨ ᠮᠠᠰᠢᠨ ᠢ ᠪᠠᠶᠢᠴᠠᠭᠠᠵᠤ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠳᠤ ᠪᠡᠯᠡᠳᠬᠡᠯ ᠬᠢᠵᠡᠢ᠃    ︽ᠡᠨᠡ ᠵᠢᠯ᠂ ᠪᠢ ᠭᠠᠴᠠᠭ᠎ᠠ ᠳᠣᠲᠣᠷ᠎ᠠ 40 ᠭᠠᠷᠤᠢ ᠡᠷᠦᠬᠡ ᠭᠠᠵᠠᠷ ᠰᠢᠷᠣᠢ ᠶᠢ ᠰᠢᠯᠵᠢᠭᠦᠯᠦᠨ ᠰᠢᠯᠵᠢᠭᠦᠯᠵᠦ ᠂ ᠨᠡᠶᠢᠲᠡ 1200 ᠮᠦ ᠤᠰᠤᠨ ᠲᠤᠲᠤᠷᠭ᠎ᠠ ᠲᠠᠷᠢᠬᠤ ᠳᠤ ᠬᠡᠷᠡᠭᠯᠡᠨ᠎ᠡ᠂ ᠣᠲᠣ ᠠᠭᠤᠷ ᠠᠮᠢᠰᠬᠤᠯ ᠤᠯᠠᠮ ᠠᠴᠠ ᠤᠯᠠᠮ ᠳᠤᠯᠠᠭᠠᠷᠠᠵᠤ᠂ ᠪᠢᠳᠡ ᠰᠦᠯᠢᠶᠣᠣ ᠪᠦᠷᠬᠦᠪᠴᠢ ᠶᠢ ᠳᠡᠪᠢᠰᠴᠦ ᠳᠠᠭᠤᠰᠬᠠᠬᠤ ᠪᠠᠷ ᠪᠡᠯᠡᠳᠬᠡᠵᠦ ᠪᠠᠶᠢᠨ᠎ᠠ᠂ ᠴᠢᠬᠢ ᠪᠤᠶᠢᠵᠢᠭᠤᠯᠬᠤ ᠪᠡᠯᠡᠳᠬᠡᠯ ᠬᠢᠵᠦ ᠪᠠᠶᠢᠨ᠎ᠠ᠃︾ ᠬᠡᠵᠤ ᠲᠦᠩ ᠴᠢᠩ ᠯᠢᠨ ᠬᠡᠯᠡᠪᠡ᠃    ᠲᠦᠩ ᠴᠢᠩ ᠯᠢᠨ ᠤ ᠭᠡᠷ ᠤᠨ ᠬᠥᠮᠥᠷᠭᠡ ᠳᠤ᠂ ᠬᠠᠪᠤᠷ ᠤᠨ ᠲᠠᠷᠢᠶᠠᠯᠠᠭ᠎ᠠ ᠳᠤ ᠪᠡᠯᠡᠳᠬᠡᠭᠰᠡᠨ ᠦᠷ᠎ᠡ᠂ ᠬᠢᠮᠢ ᠶᠢᠨ ᠪᠣᠷᠳᠣᠭᠤᠷ ᠣᠪᠣᠭᠠᠯᠠᠵᠠᠢ᠃ ᠰᠢᠨ᠎ᠡ ᠨᠢᠭᠡ ᠵᠢᠯ ᠤᠨ ᠬᠦᠰᠡᠯ ᠡᠷᠡᠮᠡᠯᠵᠡᠯ ᠳᠦᠭᠦᠷᠡᠩ ᠪᠠᠶᠢᠭ᠎ᠠ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠤᠨ ᠡᠮᠦᠨ᠎ᠡ᠂ ᠲᠡᠷᠡ ᠲᠦᠢᠯ ᠢᠶᠠᠷ ᠰᠡᠳᠬᠢᠯ ᠲᠠᠯᠪᠢᠵᠤ ᠪᠠᠶᠢᠯ᠎ᠠ᠃    ︽ᠨᠢᠳᠤᠨᠤᠨ ᠡᠷᠲᠡᠬᠡᠨ ᠠᠷᠭ᠎ᠠ ᠰᠦᠪᠡᠭᠴᠢᠯᠡᠵᠦ᠂ ᠰᠢᠨᠵᠢᠯᠡᠬᠦ ᠤᠬᠠᠭᠠᠨᠴᠢ ᠪᠠᠷ ᠲᠠᠷᠢᠬᠤ᠂ ᠵᠢᠯᠣᠭᠤᠴᠢ ᠦᠭᠡᠢ ᠨᠢᠰᠬᠡᠯ ᠢᠶᠠᠷ ᠪᠣᠷᠳᠣᠭᠤᠷ ᠣᠷᠣᠭᠤᠯᠵᠤ ᠰᠦᠷᠴᠢᠬᠦ ᠵᠡᠷᠭᠡ ᠠᠷᠭ᠎ᠠ ᠮᠠᠶ᠋ᠢᠭ ᠢᠶᠠᠷ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠪᠡ᠃ ᠡᠨᠡ ᠵᠢᠯ ᠤᠨ ᠰᠡᠶᠢᠠ ᠬᠤᠷᠢᠶᠠᠯᠲᠠ ᠣᠯᠬᠤ ᠶᠢᠨ ᠲᠥᠯᠥᠭᠡ᠂ ᠪᠢ ᠠᠯᠢ ᠡᠷᠲᠡ ᠬᠢᠮᠢ ᠶᠢᠨ ᠪᠣᠷᠳᠣᠭᠤᠷ᠂ ᠲᠠᠷᠢᠶᠠᠨ ᠡᠮ᠂ ᠲᠠᠷᠢᠶᠠᠯᠠᠩ ᠤᠨ ᠪᠦᠷᠬᠦᠪᠴᠢ᠂ ᠦᠷ᠎ᠡ ᠵᠡᠷᠭᠡ ᠶᠢ ᠬᠠᠳᠠᠭᠠᠯᠠᠵᠤ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠰᠠᠭᠠᠲᠠᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃︾ ᠬᠡᠵᠤ ᠲᠦᠩ ᠴᠢᠩ ᠯᠢᠨ ᠬᠡᠯᠡᠪᠡ᠃    ᠡᠭᠦᠨ ᠤ ᠬᠠᠮᠲᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠰᠤᠮᠤ ᠪᠠᠯᠭᠠᠰᠤ ᠢᠳᠡᠪᠬᠢᠲᠡᠢ ᠪᠠᠷ ᠡᠷᠦᠬᠡ ᠳᠤ ᠬᠦᠷᠴᠦ᠂ ᠸᠢᠴᠠᠲ ᠤᠨ ᠴᠤᠭᠯᠠᠷᠠᠯ ᠵᠡᠷᠭᠡ ᠠᠷᠭ᠎ᠠ ᠮᠠᠶ᠋ᠢᠭ ᠢᠶᠠᠷ ᠲᠠᠷᠢᠶᠠᠴᠢᠨ ᠡᠷᠦᠬᠡ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠴᠢᠨᠠᠷ ᠰᠠᠶᠢᠲᠠᠢ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ ᠵᠡᠷᠭᠡ ᠮᠡᠳᠡᠯᠭᠡ ᠬᠤᠳᠠᠯᠳᠤᠨ ᠠᠪᠴᠤ ᠥᠭᠴᠦ᠂ ᠲᠠᠷᠢᠶᠠᠴᠢᠳ ᠤᠨ ᠴᠢᠨᠠᠷ ᠰᠠᠶᠢᠲᠠᠢ ᠡᠭᠦᠯᠳᠡᠷ ᠳᠠᠷᠢᠵᠤ᠂ ᠣᠨᠴᠠᠯᠢᠭᠲᠤ ᠲᠠᠷᠢᠶᠠᠯᠠᠩ ᠢ ᠬᠥᠭᠵᠢᠭᠦᠯᠬᠦ ᠶᠢ ᠵᠣᠷᠢᠭᠵᠢᠭᠤᠯᠪᠠ᠃ ᠡᠭᠦᠨ ᠤ ᠬᠠᠮᠲᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠢ ᠤᠷᠢᠵᠤ ᠲᠠᠷᠢᠶᠠᠯᠠᠩ ᠤᠨ ᠮᠡᠷᠭᠡᠵᠢᠯ ᠤᠨ ᠮᠡᠳᠡᠯᠭᠡ ᠶᠢ ᠳᠡᠯᠭᠡᠷᠡᠭᠦᠯᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠠᠷᠢᠶᠠᠴᠢᠨ ᠡᠷᠦᠬᠡ ᠶᠢ ᠳᠠᠶᠢᠴᠢᠯᠠᠨ ᠬᠠᠪᠤᠷ ᠤᠨ ᠲᠠᠷᠢᠶᠠᠯᠠᠭ᠎ᠠ ᠶᠢᠨ ᠠᠰᠢᠭᠲᠠᠢ ᠴᠠᠭ ᠲᠣᠬᠢᠶᠠᠯ ᠢ ᠵᠠᠪᠳᠤᠨ ᠠᠳᠬᠤᠵᠤ᠂ ᠠᠮᠤ ᠪᠤᠳᠠᠭ᠎ᠠ ᠶᠢ ᠢᠯᠡᠭᠦᠬᠡᠨ ᠲᠠᠷᠢᠵᠤ᠂ ᠠᠮᠤ ᠪᠤᠳᠠᠭ᠎ᠠ ᠶᠢ ᠰᠠᠶᠢᠲᠤᠷ ᠲᠠᠷᠢᠬᠤ ᠬᠡᠷᠡᠭᠲᠡᠢ᠃    ᠣᠶᠢᠷ᠎ᠠ ᠳᠤ᠂ ᠬᠤᠶᠠᠷᠰᠤᠮᠤ ᠪᠠᠯᠭᠠᠰᠤᠨ ᠤ ᠬᠤᠷᠠᠯ ᠤᠨ ᠭᠡᠷ ᠲᠤ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠦᠭᠴᠢ ᠮᠠᠯᠴᠢᠨ ᠲᠠᠷᠢᠶᠠᠴᠢᠨ ᠳᠤ ᠲᠠᠷᠢᠶᠠᠯᠠᠩ ᠤᠨ ᠮᠡᠷᠭᠡᠵᠢᠯ ᠤᠨ ᠯᠠᠪᠯᠠᠭ᠎ᠠ ᠶᠢᠨ ᠦᠢᠯᠡᠴᠢᠯᠡᠭᠡ ᠬᠠᠩᠭᠠᠵᠤ ᠂ ᠲᠠᠷᠢᠶᠠᠯᠠᠩ ᠤᠨ ᠮᠡᠷᠭᠡᠵᠢᠯ ᠤᠨ ᠮᠠᠲ᠋ᠧᠷᠢᠶᠠᠯ ᠢ ᠲᠠᠷᠬᠠᠭᠠᠵᠤ᠂ ᠬᠠᠮᠤᠭ ᠤᠨ ᠰᠢᠨ᠎ᠡ ᠲᠠᠷᠢᠶᠠᠯᠠᠩ ᠤᠨ ᠦᠢᠯᠡᠳᠪᠦᠷᠢᠯᠡᠯ ᠤᠨ ᠮᠡᠷᠭᠡᠵᠢᠯ ᠢ ᠤᠯᠠᠮᠵᠢᠯᠠᠵᠤ᠂ ᠲᠤᠬᠠᠢ ᠶᠢᠨ ᠲᠠᠯᠠᠪᠤᠷ ᠲᠤ ᠮᠠᠯᠴᠢᠨ ᠲᠠᠷᠢᠶᠠᠴᠢᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠲᠠᠯᠠᠪᠠᠢ ᠳᠤ ᠪᠠᠶᠢᠭ᠎ᠠ ᠠᠮᠤ ᠪᠤᠳᠠᠭ᠎ᠠ ᠲᠠᠷᠢᠬᠤ ᠲᠣᠮᠣ ᠡᠷᠦᠭᠡ ᠥᠪᠡᠷ ᠤᠨ ᠲᠠᠷᠢᠶᠠᠯᠠᠩ ᠤᠨ ᠦᠢᠯᠡᠳᠪᠦᠷᠢᠯᠡᠯ ᠤᠨ ᠮᠡᠷᠭᠡᠵᠢᠯ ᠢᠶᠠᠨ ᠬᠤᠪᠢᠶᠠᠯᠴᠠᠵᠤ᠂ ᠡᠯ᠎ᠡ ᠭᠠᠵᠠᠷ ᠠᠴᠠ ᠢᠷᠡᠭᠰᠡᠨ ᠮᠠᠯᠴᠢᠨ ᠲᠠᠷᠢᠶᠠᠴᠢᠨ ᠨᠠᠶᠢᠵᠠ ᠨᠠᠷ ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠶᠠᠷᠢᠯᠴᠠᠵᠤ᠂ ᠠᠵᠢᠯ ᠲᠥᠷᠥᠯ ᠤᠨ ᠲᠤᠷᠰᠢᠯᠭ᠎ᠠ ᠪᠠ ᠬᠠᠮᠤᠭ ᠤᠨ ᠰᠢᠨ᠎ᠡ ᠮᠡᠷᠭᠡᠵᠢᠯ ᠢ ᠬᠤᠪᠢᠶᠠᠯᠴᠠᠨ᠂ ᠬᠠᠷᠠᠭ᠎ᠠ ᠪᠠᠨ ᠥᠷᠭᠡᠳᠬᠡᠵᠡᠢ᠃    ︽ᠲᠤᠰ ᠤᠳᠠᠭᠠᠨ ᠤ ᠲᠠᠷᠢᠶᠠᠯᠠᠩ ᠤᠨ ᠮᠡᠷᠭᠡᠵᠢᠯ ᠤᠨ ᠰᠣᠯᠢᠯᠴᠠᠭᠠᠨ ᠤ ᠬᠤᠷᠠᠯ ᠨᠢ ᠨᠠᠳᠠ ᠳᠤ ᠶᠡᠭᠡ ᠠᠰᠢᠭ ᠬᠦᠷᠲᠡᠭᠡᠵᠦ᠂ ᠦᠷ᠎ᠡ ᠪᠠ ᠬᠢᠮᠢ ᠶᠢᠨ ᠪᠣᠷᠳᠣᠭᠤᠷ ᠤᠨ ᠰᠣᠩᠭᠤᠯᠲᠠ ᠶᠢᠨ ᠲᠠᠯ᠎ᠠ ᠪᠠᠷ ᠨᠡᠩ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠣᠯᠵᠠᠢ᠂ ᠡᠭᠦᠨ ᠤ ᠬᠠᠮᠲᠤ ᠲᠤᠰᠬᠠᠢ ᠮᠡᠷᠭᠡᠵᠢᠯᠲᠡᠨ ᠮᠢᠨᠦ ᠳᠠᠷᠢᠬᠤ ᠶᠠᠪᠤᠴᠠ ᠳᠤ ᠲᠤᠯᠭᠠᠷᠠᠭᠰᠠᠨ ᠠᠯᠢ ᠣᠯᠠᠨ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠵᠤ᠂ ᠮᠢᠨᠦ ᠠᠮᠤ ᠪᠤᠳᠠᠭ᠎ᠠ ᠲᠠᠷᠢᠬᠤ ᠡᠷᠴᠢ ᠵᠣᠷᠢᠭ ᠢ ᠨᠡᠩ ᠭᠦᠢᠴᠡᠳ ᠪᠣᠯᠭᠠᠵᠤ᠂ ᠮᠠᠨ ᠤ ᠲᠠᠷᠢᠶᠠᠯᠠᠩ ᠢ ᠬᠥᠭᠵᠢᠭᠦᠯᠬᠦ ᠢᠲᠡᠭᠡᠯ ᠵᠣᠷᠢᠭ ᠢ ᠨᠡᠩ ᠭᠦᠢᠴᠡᠳ ᠪᠣᠯᠭᠠᠪᠠ︾ ᠭᠡᠵᠤ ᠰᠢᠨᠠᠵᠠᠮ ᠰᠤᠮᠤ ᠶᠢᠨ ᠪᠠᠶᠠᠨᠲᠠᠯ᠎ᠠ ᠲᠠᠷᠢᠵᠤ ᠲᠡᠵᠢᠭᠡᠬᠦ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠪᠦᠦ ᠪᠠᠶᠠᠨᠲᠠᠯ᠎ᠠ ᠬᠡᠯᠡᠪᠡ᠃    ᠲᠠᠷᠢᠶᠠᠯᠠᠩ ᠤᠨ ᠮᠡᠷᠭᠡᠵᠢᠯ ᠤᠨ ᠮᠡᠳᠡᠯᠭᠡ ᠶᠢ ᠳᠡᠯᠭᠡᠷᠡᠭᠦᠯᠬᠦ ᠳᠤ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠠᠮᠢ ᠠᠬᠤᠢ ᠶᠢᠨ ᠣᠷᠭᠠᠨᠢᠭ ᠣᠷᠴᠢᠯ ᠲᠠᠷᠢᠶᠠᠯᠠᠩ ᠤᠨ ᠮᠡᠷᠭᠡᠵᠢᠯ ᠢ ᠣᠶᠢᠯᠠᠭᠠᠭᠤᠯᠵᠤ᠂ ᠠᠮᠢ ᠠᠬᠤᠢ ᠶᠢᠨ ᠥᠨᠳᠥᠷ ᠪᠦᠲᠦᠮᠵᠢᠲᠡᠢ ᠲᠠᠷᠢᠶᠠᠯᠠᠩ ᠤᠨ ᠣᠶᠢᠯᠠᠭᠠᠭᠳᠠᠬᠤᠨ ᠢ ᠪᠣᠢ ᠪᠣᠯᠭᠠᠵᠤ᠂ ᠮᠠᠯᠴᠢᠨ ᠲᠠᠷᠢᠶᠠᠴᠢᠳ ᠢ ᠬᠠᠪᠰᠤᠷᠤᠨ ᠲᠤᠰ ᠪᠡᠶ᠎ᠡ ᠶᠢᠨ ᠬᠡᠪ ᠴᠢᠨᠠᠷ ᠪᠠ ᠲᠠᠷᠢᠮᠠᠯ ᠤᠨ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠵᠦ᠂ ᠰᠣᠷᠣᠭᠰᠠᠨ ᠮᠡᠳᠡᠯᠭᠡ ᠪᠠᠨ ᠪᠣᠳᠠᠲᠠᠢ ᠦᠢᠯᠡᠳᠪᠦᠷᠢᠯᠡᠯ ᠳᠤ ᠬᠡᠷᠡᠭᠯᠡᠵᠦ᠂ ᠠᠮᠢ ᠠᠬᠤᠢ ᠶᠢᠨ ᠪᠣᠬᠢᠷᠲᠤᠯ ᠦᠭᠡᠢ ᠲᠠᠷᠢᠶᠠᠯᠠᠩ ᠤᠨ ᠬᠥᠭᠵᠢᠯᠲᠡ ᠳᠤ ᠨᠡᠩ ᠣᠯᠠᠨ ᠦᠨ᠎ᠡ ᠥᠷᠲᠡᠭ ᠡᠭᠦᠳᠬᠦ ᠬᠡᠷᠡᠭᠲᠡᠢ᠃    ︽ᠮᠠᠨ ᠤ ᠮᠡᠷᠭᠡᠵᠢᠯ ᠢ ᠠᠷᠠᠳ ᠣᠯᠠᠨ ᠳᠤ ᠳᠡᠯᠭᠡᠷᠡᠭᠦᠯᠵᠦ᠂ ᠬᠥᠷᠥᠰᠥ ᠰᠢᠷᠣᠢ ᠶᠢᠨ ᠬᠠᠪᠲᠠᠰᠤᠯᠢᠭ᠂ ᠬᠠᠷ᠎ᠠ ᠬᠥᠷᠥᠰᠥ ᠶᠢ ᠬᠠᠮᠠᠭᠠᠯᠠᠬᠤ᠂ ᠪᠣᠬᠢᠷᠲᠤᠯ ᠦᠭᠡᠢ ᠢᠳᠡᠭᠡᠨ ᠤ ᠮᠠᠲ᠋ᠧᠷᠢᠶᠠᠯ᠂ ᠠᠮᠤ ᠪᠤᠳᠠᠭᠠᠨ ᠤ ᠦᠢᠯᠡᠳᠪᠦᠷᠢᠯᠡᠯ ᠤᠨ ᠲᠠᠯ᠎ᠠ ᠪᠠᠷ ᠪᠦᠬᠦ ᠲᠠᠯ᠎ᠠ ᠪᠠᠷ ᠳᠡᠯᠭᠡᠷᠡᠭᠦᠯᠵᠦ᠂ ᠪᠣᠬᠢᠷᠲᠤᠯ ᠦᠭᠡᠢ ᠲᠠᠷᠢᠶᠠᠯᠠᠩ ᠢ ᠪᠡᠶᠡᠯᠡᠭᠦᠯᠦᠨ᠎ᠡ︾ ᠭᠡᠵᠤ ᠬᠥᠳᠡᠭᠡ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠠᠵᠢᠯᠲᠠᠨ ᠯᠢᠦ ᠶᠥᠩ ᠴᠢ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号