ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠰᠢᠨ ᠰᠢᠤᠸᠠᠨ ᠪᠦᠯᠦᠭᠯᠡᠯ ᠤᠨ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/3
    4 ᠰᠠᠷ᠎ᠠ ᠶᠢᠨ 1 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠰᠢᠨ ᠰᠢᠤᠸᠠᠨ ᠪᠦᠯᠦᠭᠯᠡᠯ ᠤᠨ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃    ᠬᠤᠷᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠢᠨ ᠰᠢᠤᠸᠠᠨ ᠪᠦᠯᠦᠭᠯᠡᠯ ᠲᠠᠢ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠤᠨ ᠲᠤᠬᠠᠢ ᠶᠠᠷᠢᠯᠴᠠᠵᠤ᠂ ᠬᠠᠮᠲᠤᠷᠠᠯᠴᠠᠭᠠᠨ ᠤ ᠵᠥᠪᠯᠡᠯᠴᠡᠬᠡᠷ ᠤᠨ ᠪᠣᠳᠠᠲᠠᠢ ᠠᠭᠤᠯᠭ᠎ᠠ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠣᠩᠭᠤᠬᠤ᠂ ᠪᠡᠯᠡ ᠣᠷᠣᠭᠤᠯᠬᠤ ᠵᠡᠷᠭᠡ ᠶᠠᠪᠤᠳᠠᠯ ᠢ ᠲᠣᠳᠣᠷᠬᠠᠶᠢᠯᠠᠵᠤ᠂ ᠴᠢᠨᠠᠷ ᠰᠠᠶᠢᠲᠠᠢ ᠠᠯᠠᠰᠢᠨ ᠦᠬᠡᠷ ᠪᠣᠷᠳᠣᠵᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠬᠠᠩᠭᠠᠯ ᠨᠠᠭᠤᠷ ᠤᠨ ᠡᠪᠦᠯ ᠤᠨ ᠠᠩᠨᠠᠯ ᠤᠨ ᠲᠥᠷᠥᠯ ᠵᠦᠢᠯ ᠤᠨ ᠲᠤᠬᠠᠢ ᠭᠦᠨᠵᠡᠭᠡᠢ ᠰᠣᠯᠢᠯᠴᠠᠨ ᠶᠠᠷᠢᠯᠴᠠᠪᠠ᠃ ᠠᠵᠤ ᠠᠬᠤᠶᠢᠯᠠᠯ ᠤᠨ ᠬᠢᠨ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠤ ᠠᠵᠢᠯ ᠳᠤ ᠢᠳᠡᠪᠬᠢᠲᠡᠢ ᠣᠷᠣᠯᠴᠠᠵᠤ᠂ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠶᠢᠨ ᠬᠠᠮᠲᠤ ᠡᠯᠡᠰᠦᠷᠬᠡᠭ ᠭᠠᠵᠠᠷ ᠢ ᠲᠠᠨᠢᠵᠤ ᠠᠪᠬᠤ ᠵᠠᠰᠠᠯᠲᠠ ᠬᠢᠨ᠎ᠡ ᠭᠡᠵᠦ ᠢᠯᠡᠳᠬᠡᠪᠡ᠃    ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠲᠥᠷᠥᠯ ᠵᠦᠢᠯ ᠢ ᠵᠣᠯᠭᠠᠭᠤᠯᠬᠤ ᠠᠵᠢᠯ ᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠠᠬᠢᠭᠤᠯᠵᠤ᠂ ᠲᠥᠷᠥᠯ ᠵᠦᠢᠯ ᠤᠨ ᠪᠣᠳᠠᠲᠠᠢ ᠲᠥᠰᠦᠯ ᠢ ᠬᠡᠷᠡᠭᠵᠢᠭᠦᠯᠬᠦ ᠶᠢ ᠠᠬᠢᠭᠤᠯᠤᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠦᠢᠯᠡᠴᠢᠯᠡᠭᠡᠨ ᠤ ᠪᠠᠲᠤᠯᠠᠭ᠎ᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠰᠠᠶᠢᠲᠤᠷ ᠬᠢᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠬᠢᠭᠡᠳ ᠰᠢᠨ ᠰᠢᠤᠸᠠᠨ ᠪᠦᠯᠦᠭᠯᠡᠯ ᠤᠨ ᠲᠤᠰ ᠪᠡᠶ᠎ᠡ ᠶᠢᠨ ᠬᠦᠴᠦᠷᠬᠡᠭ ᠶᠡᠭᠡ ᠬᠠᠩᠭᠠᠯᠭ᠎ᠠ ᠶᠢᠨ ᠬᠡᠯᠬᠢᠶ᠎ᠡ ᠶᠢᠨ ᠳᠠᠪᠠᠭᠤᠯᠢᠭ ᠵᠡᠷᠭᠡ ᠶᠢ ᠪᠦᠲᠦᠮᠵᠢᠲᠡᠢ ᠤᠶᠠᠯᠳᠤᠭᠤᠯᠬᠤ ᠶᠢ ᠪᠠᠲᠤᠯᠠᠵᠤ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠴᠢᠩᠭᠠᠷᠠᠭᠤᠯᠤᠨ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠹᠧᠩ ᠵᠢᠶᠠᠨ ᠵᠦᠩ᠂ ᠰᠢᠨ ᠰᠢᠤᠸᠠᠨ ᠪᠦᠯᠦᠭᠯᠡᠯ ᠤᠨ ᠬᠤᠷᠰᠢᠭᠴᠢ ᠴᠢᠩ ᠬᠠᠢ ᠨᠠᠷ ᠬᠤᠷᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号