ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠲᠥᠪ ︽ᠳᠡᠯᠡᠬᠡᠢ ᠶᠢᠨ ᠳ᠋ᠤᠨ ᠤ ᠬᠤᠷᠠᠮᠠᠯ ᠰᠢᠨᠵᠢ ᠶᠢᠨ ᠡᠳᠦᠷ︾ ᠤᠨ ᠰᠢᠷᠢᠰ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/4/3
   ᠨᠡᠶᠢᠭᠡᠮ ᠨᠡᠶᠢᠲᠡ ᠶᠢᠨ ᠳ᠋ᠤᠨ ᠤ ᠬᠤᠷᠠᠮᠠᠯ ᠰᠢᠨᠵᠢ ᠶᠢᠨ ᠲᠤᠬᠠᠢ ᠲᠠᠨᠢᠯᠲᠠ ᠶᠢ ᠳᠡᠭᠡᠭᠰᠢᠯᠡᠭᠦᠯᠦᠨ᠂ ᠨᠡᠶᠢᠭᠡᠮ ᠤᠨ ᠡᠯ᠎ᠡ ᠡᠲᠡᠭᠡᠳ ᠤᠨ ︽ᠳ᠋ᠤᠨ ᠤ ᠬᠤᠷᠠᠮᠠᠯ ᠰᠢᠨᠵᠢ ᠲᠠᠢ ᠬᠡᠥᠬᠡᠳ︾ ᠢ ᠬᠠᠮᠲᠤ ᠪᠠᠷ ᠠᠩᠬᠠᠷᠴᠤ᠂ ︽ᠳ᠋ᠤᠨ ᠤ ᠬᠤᠷᠠᠮᠠᠯ ᠰᠢᠨᠵᠢ ᠲᠠᠢ ᠬᠡᠥᠬᠡᠳ︾ ᠤᠨ ᠨᠡᠶᠢᠭᠡᠮ ᠨᠠᠶᠢᠲᠠ ᠶᠢᠨ ᠠᠮᠢᠳᠤᠷᠠᠯ ᠳᠤ ᠡᠷᠬᠡ ᠲᠡᠭᠰᠢ ᠪᠠᠷ ᠣᠷᠣᠯᠴᠠᠬᠤ ᠶᠢ ᠴᠢᠨᠠᠬᠰᠢᠳᠠ ᠠᠬᠢᠭᠤᠯᠬᠤ ᠶᠢᠨ ᠲᠥᠯᠥᠭᠡ᠂ ᠤᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠲᠥᠪ ᠤᠨ ᠭᠠᠭᠴᠠᠭᠠᠷᠳᠠᠬᠤ ᠬᠡᠮ ᠲᠠᠢ ᠬᠡᠦᠬᠡᠳ ᠤᠨ ᠡᠷᠡᠭᠦᠯᠵᠢᠯ ᠤᠨ ᠬᠡᠯᠲᠡᠰ ︽ᠳᠡᠯᠡᠬᠡᠢ ᠶᠢᠨ ᠳ᠋ᠤᠨ ᠤ ᠬᠤᠷᠠᠮᠠᠯ ᠰᠢᠨᠵᠢ ᠶᠢᠨ ᠡᠳᠦᠷ︾ ᠤᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠪᠡ᠃   ᠤᠶᠢᠯᠠᠭᠠᠬᠰᠠᠨ ᠢᠶᠠᠷ᠂ ᠡᠨᠡ ᠵᠢᠯ ᠤᠨ ︽ᠳᠡᠯᠡᠬᠡᠢ ᠶᠢᠨ ᠳ᠋ᠤᠨ ᠤ ᠬᠤᠷᠠᠮᠠᠯ ᠰᠢᠨᠵᠢ ᠶᠢᠨ ᠡᠳᠦᠷ︾ ᠨᠢ ︽ᠳ᠋ᠤᠨ ᠤ ᠬᠤᠷᠠᠮᠠᠯ ᠰᠢᠨᠵᠢ ᠶᠢᠨ ᠰᠢᠭᠰᠢᠨ ᠪᠠᠶᠢᠴᠠᠭᠠᠯᠲᠠ ᠶᠢ ᠴᠢᠬᠤᠯᠠᠴᠢᠯᠠᠵᠤ᠂ ᠡᠷᠡᠭᠦᠯ ᠴᠢᠭᠢᠷᠠᠭ ᠬᠡᠤᠭᠡᠳ ᠢ ᠪᠤᠶᠢᠵᠢᠭᠤᠯᠬᠤ︾ ᠪᠠᠷ ᠭᠤᠣᠯ ᠰᠡᠳᠦᠪ ᠪᠣᠯᠭᠠᠵᠠᠢ᠃ ᠠᠵᠢᠯᠯᠠᠭ᠎ᠠ ᠶᠢᠨ ᠲᠤᠬᠠᠢ ᠶᠢᠨ ᠡᠳᠦᠷ᠂ ᠦᠢᠯᠡᠴᠢᠯᠡᠭᠡᠨ ᠤ ᠲᠥᠪ LED ᠲᠣᠮᠣ ᠳᠡᠯᠭᠡᠴᠡ ᠳᠤ ᠲᠦᠰᠢᠭᠯᠡᠨ ︽ᠳᠡᠯᠡᠬᠡᠢ ᠶᠢᠨ ᠳ᠋ᠤᠨ ᠤ ᠬᠤᠷᠠᠮᠠᠯ ᠰᠢᠨᠵᠢ ᠶᠢᠨ ᠡᠳᠦᠷ︾ ᠤᠨ ᠭᠤᠣᠯ ᠰᠡᠳᠦᠪ ᠪᠠ ᠭᠤᠣᠯ ᠵᠣᠷᠢᠯᠲᠠ ᠵᠢᠴᠢ ᠲᠤᠰ ᠡᠪᠡᠳᠴᠢᠨ ᠤ ᠢᠯᠡᠷᠡᠯ ᠪᠠ ᠤᠷᠢᠳᠴᠢᠯᠠᠨ ᠰᠡᠷᠭᠡᠶᠢᠯᠡᠬᠦ ᠳᠤᠬᠠᠢ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠪᠡ᠃ ᠡᠭᠦᠨ ᠠᠴᠠ ᠭᠠᠳᠠᠨ᠎ᠠ᠂ ᠬᠡᠦᠬᠡᠳ ᠤᠨ ᠠᠳᠠᠯᠢ ᠪᠤᠰᠤ ᠨᠠᠰᠤᠨ ᠤ ᠣᠨᠴᠠᠯᠢᠭ ᠲᠤ ᠴᠢᠭᠯᠡᠭᠦᠯᠦᠭᠰᠡᠨ ᠭᠠᠷ ᠤᠷᠠᠯᠠᠯ ᠤᠨ ᠵᠣᠬᠢᠶᠠᠨ ᠪᠦᠲᠦᠭᠡᠯᠭᠡ ᠢᠢᠨ ᠠᠵᠢᠯᠯᠠᠭ᠎ᠠ ᠢᠢ ᠲᠤᠰᠬᠠᠶᠢᠯᠠᠨ ᠵᠣᠬᠢᠶᠠᠨ ᠪᠠᠶᠢᠭᠤᠯᠵᠤ᠂ ᠭᠡᠷ ᠤᠨ ᠠᠬᠠᠮᠠᠳ ᠪᠣᠯᠣᠨ ᠬᠡᠦᠬᠡᠳ ᠤᠳ ᠠᠪᠢᠶᠠᠰ ᠪᠢᠯᠢᠭ ᠢᠶᠠᠨ ᠪᠠᠳᠠᠷᠠᠭᠤᠯᠤᠨ ᠢᠳᠡᠪᠬᠢᠯᠡᠨ ᠬᠦᠳᠡᠯᠦᠯᠴᠡᠵᠦ᠂ ᠤᠷᠠᠨ ᠪᠦᠲᠦᠭᠡᠯ ᠳᠡᠭᠡᠨ ᠰᠢᠨ᠎ᠡ ᠰᠡᠪᠡᠬᠦᠨ ᠠᠮᠢᠳᠤᠷᠠᠯ ᠤᠨ ᠦᠩᠭᠡ ᠪᠤᠳᠤᠭ ᠨᠡᠮᠡᠷᠢᠯᠡᠵᠦ᠂ ᠠᠬᠤᠢ ᠲᠠᠯᠠᠪᠠᠶ ᠶᠢᠨ ᠠᠭᠤᠷ ᠠᠮᠢᠰᠬᠤᠯ ᠮᠠᠰᠢ ᠬᠦᠭᠵᠢᠶᠡᠨ ᠲᠠᠢ ᠪᠠᠶᠢᠵᠤ᠂ ᠭᠤᠶᠢᠳᠠ ᠰᠠᠶᠢᠬᠠᠨ ᠭᠠᠷ ᠤᠷᠠᠯᠠᠯ ᠤᠨ ᠪᠦᠲᠦᠭᠡᠯ ᠪᠠ ᠬᠡᠦᠬᠡᠳ ᠤᠨ ᠢᠨᠢᠶᠡᠳᠦ ᠪᠢᠯᠬᠠᠬᠰᠠᠨ ᠴᠢᠷᠠᠢ ᠨᠢ ᠭᠤᠶᠢᠳᠠ ᠰᠠᠶᠢᠬᠠᠨ ᠵᠢᠷᠤᠭ ᠲᠦᠷᠰᠦ ᠪᠤᠯᠤᠨ ᠪᠦᠷᠢᠯᠳᠦᠵᠦ᠂ ᠬᠡᠥᠬᠡᠳ ᠤᠨ ᠦᠭᠡᠳᠡᠷᠭᠡᠭ ᠰᠠᠶᠢᠬᠠᠨ ᠤᠶᠤᠨ ᠰᠠᠨᠠᠭᠠᠨ ᠤ ᠲᠦᠷᠰᠦ ᠪᠠᠶᠢᠳᠠᠯ ᠢ ᠢᠯᠡᠷᠡᠬᠦᠯᠦᠭᠰᠡᠨ ᠪᠠᠶᠢᠨ᠎ᠠ᠃   ᠲᠣᠰ ᠤᠳᠠᠭ᠎ᠠ ᠶᠢᠨ ᠰᠢᠷᠢᠰ ᠠᠵᠢᠯᠯᠠᠭ᠎ᠠ ᠨᠢ ᠳ᠋ᠤᠨ ᠤ ᠬᠤᠷᠠᠮᠠᠯ ᠰᠢᠨᠵᠢ ᠲᠠᠢ ᠬᠡᠥᠬᠡᠳ ᠤᠨ ᠲᠤᠬᠠᠢ ᠨᠡᠶᠢᠭᠡᠮ ᠨᠡᠶᠢᠲᠡ ᠶᠢᠨ ᠲᠠᠨᠢᠯᠲᠠ ᠪᠠ ᠣᠶᠢᠯᠠᠭᠠᠯᠲᠠ ᠶᠢ ᠨᠡᠮᠡᠭᠳᠡᠭᠦᠯᠵᠦ᠂ ᠲᠥᠪ ᠭᠤᠥᠯᠴᠢ᠂ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢᠨ ᠬᠠᠮᠲᠤ ᠣᠨᠴᠠᠭᠠᠶ ᠬᠡᠦᠬᠡᠳ ᠤᠨ ᠬᠠᠮᠳᠦ ᠨᠡᠶᠢᠲᠡ ᠶᠢᠨ ᠪᠠᠶᠠᠷ ᠪᠠᠶᠠᠰᠤᠯ ᠲᠠᠢ᠂ ᠥᠪᠡᠷ ᠢ ᠪᠠᠨ ᠢᠲᠡᠭᠡᠬᠦ᠂ ᠥᠪᠡᠷ ᠢ ᠪᠠᠨ ᠬᠦᠴᠦᠷᠬᠡᠭᠵᠢᠭᠦᠯᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠬᠠᠷᠠᠭᠤᠯᠤᠬᠰᠠᠨ ᠪᠠᠶᠢᠨ᠎ᠠ᠃ 
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号