ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ︽ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ︾ ᠶᠢᠨ ᠲᠤᠰᠬᠠᠢ ᠰᠡᠳᠦᠪᠲᠦ ᠲᠠᠶᠢᠯᠤᠮᠵᠢ ᠡᠷᠬᠢᠯᠡᠪᠡ
ᠨᠡᠶᠢᠲᠡᠯᠡᠭᠰᠡᠨ ᠴᠠᠭ᠄
2024/4/3
   ᠤᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠢᠶᠠᠩᠭᠠᠩ ᠣᠣᠮᠧᠨ ᠲᠠᠶᠢᠸᠠᠨ ᠬᠠᠷᠢᠶᠠᠲᠤ ᠲᠠᠢ ᠬᠠᠷᠢᠯᠴᠠᠬᠤ ᠪᠠ ᠭᠠᠳᠠᠭᠠᠳᠤ ᠶᠠᠪᠤᠳᠠᠯ ᠤᠨ ᠵᠥᠪᠯᠡᠯ ︽ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ︾ ᠶᠢᠨ ᠲᠤᠰᠬᠠᠢ ᠰᠡᠳᠦᠪᠲᠦ ᠲᠠᠶᠢᠯᠤᠮᠵᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠢᠩᠬᠢᠮ ᠤᠨ ᠳᠠᠷᠤᠭ᠎ᠠ ᠭᠦᠸᠧ ᠵᠧᠦ ᠮᠢᠩ ᠢ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠵᠡᠢ᠃   ᠲᠠᠶᠢᠯᠤᠮᠵᠢ ᠳᠤ᠂ ᠭᠦᠸᠧ ᠵᠧᠦ ᠮᠢᠩ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠢᠯᠠᠩᠭᠤᠶ᠎ᠠ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠣᠭᠤᠷᠢᠨ ᠳᠤ᠂ ᠮᠠᠨ ᠤ ᠣᠷᠣᠨ ᠤ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠬᠥᠭᠵᠢᠯᠲᠡ ᠶᠢᠨ ᠣᠳᠣᠬᠢ ᠪᠠᠶᠢᠳᠠᠯ ᠪᠣᠯᠣᠨ ᠪᠣᠳᠠᠲᠠᠢ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠲᠠᠨᠢᠯᠴᠠᠭᠤᠯᠵᠤ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ᠂ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠡᠷᠭᠡ ᠲᠠᠯ᠎ᠠ ᠠᠴᠠ ᠮᠠᠨ ᠤ ᠣᠷᠣᠨ ᠤ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠪᠠᠶᠢᠳᠠᠯ ᠤᠨ ᠳᠤᠬᠠᠢ ᠰᠢᠰᠲ᠋ᠧᠮ ᠲᠠᠢ ᠲᠠᠶᠢᠯᠪᠤᠷᠢᠯᠠᠯᠲᠠ ᠬᠢᠵᠡᠢ᠃   ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠣᠨ ᠪᠠᠶᠢᠭᠤᠯᠭ᠎ᠠ ᠶᠢᠨ ᠺᠠᠳ᠋ᠷᠴᠤᠳ᠂ ᠲᠤᠰ ᠤᠳᠠᠭᠠᠨ ᠤ ᠲᠤᠰᠬᠠᠢ ᠰᠡᠳᠦᠪᠲᠦ ᠲᠠᠶᠢᠯᠤᠮᠵᠢ ᠶᠢ ᠰᠣᠨᠣᠰᠤᠬᠰᠠᠨ ᠬᠤᠶᠢᠨ᠎ᠠ ᠮᠠᠨ ᠤ ᠣᠷᠣᠨ ᠤ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠤᠨ ᠲᠤᠬᠠᠢ ᠲᠠᠨᠢᠯᠲᠠ ᠪᠠᠨ ᠤᠯᠠᠮ ᠭᠦᠨᠵᠡᠭᠡᠶᠢᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠠᠵᠢᠯ ᠤᠨ ᠳᠤᠮᠳᠠ ᠢᠳᠡᠪᠬᠢᠲᠡᠢ ᠪᠠᠷ ᠵᠠᠰᠠᠭ ᠤᠨ ᠶᠠᠪᠤᠳᠠᠯ ᠢ ᠵᠥᠪᠯᠡᠨ ᠰᠠᠨᠠᠯ ᠵᠥᠪᠯᠡᠯᠭᠡ ᠳᠤᠷᠠᠳᠴᠤ᠂ ᠠᠷᠭ᠎ᠠ ᠤᠬᠠᠭᠠᠨ ᠭᠠᠷᠭᠠᠨ ᠬᠦᠴᠦᠨ ᠴᠢᠳᠠᠯ ᠢᠶᠠᠨ ᠡᠷᠭᠦᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠵᠡᠭᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号