ᠯᠢ ᠴᠢᠶᠠᠩ ᠢᠨᠳᠣᠨᠧᠰᠢᠶ᠎ᠠ ᠶᠢᠨ ᠶᠡᠷᠦᠩᠬᠡᠶᠢᠯᠡᠭᠴᠢ ᠪᠠᠷ ᠰᠤᠩᠭᠤᠭᠳᠠᠭᠰᠠᠨ ᠶᠡᠷᠦᠩᠬᠡᠶᠢᠯᠡᠭᠴᠢ ᠫᠦᠯᠡᠪᠦ᠋ᠸᠧᠸᠣ᠋ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/3
    ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 2 ᠤᠨ ᠡᠳᠦᠷ ᠤᠨ ᠴᠠᠬᠢᠯᠭᠠᠨ ᠮᠡᠳᠡᠭᠡ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 2 ᠤᠨ ᠡᠳᠦᠷ ᠤᠨ ᠣᠢᠲᠠ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠢᠠᠲᠣᠨᠧᠰᠢᠶ᠎ᠡ ᠶᠢᠨ ᠶᠠᠷᠣᠩᠭᠡᠶᠢᠯᠠᠭᠴᠢ ᠫᠦᠯᠡᠪᠦ᠋ᠸᠧᠸᠣ᠋ ᠲᠠᠢ ᠠᠭᠤᠯᠵᠠᠪᠠ᠃
6667.jpg   
   ᠯᠢ ᠴᠢᠶᠠᠩ᠂ ᠣᠶᠢᠷ᠎ᠠ ᠶᠢᠨ ᠵᠢᠯ ᠠᠴᠠ ᠨᠠᠭᠠᠰᠢ᠂ ᠬᠤᠶᠠᠷ ᠤᠯᠤᠰ ᠤᠨ ᠲᠡᠷᠢᠭᠦᠨ ᠤ ᠬᠠᠮᠲᠤ ᠶᠢᠨ ᠲᠠᠭᠠᠭᠤᠯᠭ᠎ᠠ ᠳᠣᠣᠷ᠎ᠠ ᠂ ᠳᠤᠮᠳᠠᠳᠤ ᠢᠨᠳᠣᠨᠧᠰᠢᠶ᠎ᠠ ᠶᠢᠨ ᠬᠠᠷᠢᠯᠴᠠᠭ᠎ᠠ ᠲᠦᠷᠭᠡᠨ ᠬᠥᠭᠵᠢᠵᠦ᠂ ᠳᠤᠮᠳᠠᠳᠤ ᠢᠨᠳᠣᠨᠧᠰᠢᠶ᠎ᠠ ᠶᠢᠨ ᠬᠤᠪᠢ ᠵᠠᠶᠠᠭᠠᠨ ᠤ ᠬᠠᠮᠲᠤ ᠴᠣᠭᠴᠠ ᠶᠢ ᠬᠠᠮᠲᠤ ᠪᠠᠷ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠪᠡ᠃ ᠫᠦᠯᠡᠪᠦ᠋ᠸᠧᠸᠣ᠋ ᠶᠡᠷᠦᠩᠬᠡᠶᠢᠯᠡᠭᠴᠢ ᠪᠠᠷ ᠰᠤᠩᠭᠤᠭᠳᠠᠭᠰᠠᠨ ᠤ ᠳᠠᠷᠠᠭ᠎ᠠ ᠠᠩᠬ᠎ᠠ ᠤᠳᠠᠭ᠎ᠠ ᠳᠤᠮᠳᠠᠳᠤ ᠤᠯᠤᠰ ᠲᠤ ᠢᠷᠠᠵᠤ᠂ ᠬᠤᠶᠠᠷ ᠤᠯᠤᠰ ᠤᠨ ᠬᠦᠨ ᠨᠦᠭᠦᠷᠰᠠᠭ ᠨᠦᠭᠦᠷᠯᠠᠯ ᠢ ᠳᠠᠬᠢᠨᠲᠠ ᠬᠠᠷᠠᠭᠤᠯᠵᠠᠢ᠃ ᠥᠴᠥᠭᠡᠳᠦᠷ᠂ ᠲᠡᠷᠢᠭᠦᠯᠡᠭᠴᠢ ᠰᠢ ᠶᠢᠨ ᠫᠢᠩ ᠲᠠ ᠨᠠᠷ ᠲᠠᠢ ᠳᠤᠮᠳᠠᠳᠤ ᠢᠨᠳᠣᠨᠧᠰᠢᠶ᠎ᠠ ᠶᠢᠨ ᠬᠠᠷᠢᠯᠴᠠᠭ᠎ᠠ ᠶᠢᠨ ᠠᠯᠤᠰ ᠬᠡᠳᠦ ᠶᠢᠨ ᠬᠥᠭᠵᠢᠯᠲᠡ ᠶᠢᠨ ᠠᠰᠠᠭᠤᠳᠠᠯ ᠤᠨ ᠲᠤᠬᠠᠢ ᠭᠦᠨᠵᠡᠭᠡᠢ ᠤᠯᠤᠯᠴᠠᠵᠤ᠂ ᠠᠯᠢ ᠣᠯᠠᠨ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠠᠢ᠃ ᠳᠤᠮᠳᠠᠳᠤ ᠤᠯᠤᠰ ᠳᠤᠷᠠᠲᠠᠶ᠎ᠠ ᠢᠨᠳᠣᠨᠧᠰᠢᠶ᠎ᠠ ᠯᠤᠭ᠎ᠠ ᠬᠠᠮᠲᠤ ᠪᠠᠷ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠲᠤᠯᠠᠵᠤ ᠂ ᠪᠦᠬᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠢᠨᠳᠣᠨᠧᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠨᠡᠩ ᠣᠯᠠᠨ ᠬᠠᠮᠲᠤ ᠪᠠᠷ ᠠᠰᠢᠭ ᠬᠦᠷᠲᠡᠬᠦ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃    ᠯᠢ ᠴᠢᠶᠠᠩ ᠵᠢᠭᠠᠬᠤ ᠳᠤ ᠪᠠᠨ᠂ ᠳᠤᠮᠳᠠᠳᠤ ᠤᠯᠤᠰ ᠳᠤᠷᠠᠲᠠᠶ᠎ᠠ ᠢᠨᠳᠣᠨᠧᠰᠢᠶ᠎ᠠ ᠯᠤᠭ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠶᠢᠨ ᠰᠠᠶᠢᠨ ᠰᠠᠶᠢᠬᠠᠨ ᠬᠠᠨᠳᠤᠰᠢ ᠶᠢ ᠪᠠᠲᠤᠯᠠᠵᠤ᠂ ᠡᠯ᠎ᠡ ᠱᠠᠲᠤ ᠳᠠᠪᠬᠤᠷᠭ᠎ᠠ ᠶᠢᠨ ᠶᠠᠷᠢᠯᠴᠠᠭᠠᠨ ᠤ ᠲᠣᠭᠲᠠᠴᠠ ᠶᠢ ᠰᠠᠶᠢᠲᠤᠷ ᠬᠡᠷᠡᠭᠯᠡᠵᠦ᠂ ᠲᠥᠷᠥ ᠶᠢᠨ ᠪᠣᠳᠣᠯᠭ᠎ᠠ ᠶᠢᠨ ᠣᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠨ᠎ᠠ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠢᠨᠳᠣᠨᠧᠰᠢᠶ᠎ᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠵᠣᠯᠭᠠᠭᠤᠯᠬᠤ ᠶᠢ ᠴᠢᠨᠠᠭᠰᠢᠳᠠ ᠴᠢᠩᠭᠠᠳᠬᠠᠵᠤ᠂ ︽ᠣᠷᠣᠨ ᠪᠦᠰᠡ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠬᠤᠩᠬᠢᠯ︾ ᠪᠣᠯᠤᠨ ︽ᠬᠤᠶᠠᠷ ᠤᠯᠤᠰ ᠤᠨ ᠬᠤᠣᠰ ᠬᠦᠷᠢᠶᠡᠯᠡᠩ︾ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ᠂ ᠣᠢ ᠰᠢᠭᠤᠢ᠂ ᠵᠢᠭᠠᠰᠤ ᠠᠩᠨᠠᠬᠤ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢᠨ ᠬᠠᠮᠲᠤ᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠠᠵᠤ ᠠᠬᠤᠢ ᠵᠡᠷᠭᠡ ᠳᠡᠭᠡᠳᠦ ᠰᠢᠨ᠎ᠡ ᠮᠡᠷᠭᠡᠵᠢᠯ ᠪᠣᠯᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠮᠲᠤᠷᠠᠯᠴᠠᠭ᠎ᠠ ᠶᠢ ᠥᠷᠭᠡᠳᠬᠡᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠠᠭᠠᠰᠬᠠᠬᠤ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠶ᠎ᠠ᠃ ᠳᠤᠮᠳᠠᠳᠤ ᠤᠯᠤᠰ ᠳᠤᠷᠠᠲᠠᠶ᠎ᠠ ᠢᠨᠳᠣᠨᠧᠰᠢᠶ᠎ᠠ ᠯᠤᠭ᠎ᠠ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠲᠣᠭᠲᠠᠴᠠ ᠵᠡᠷᠭᠡ ᠣᠯᠠᠨ ᠲᠠᠯᠠᠲᠤ ᠬᠦᠷᠢᠶᠡᠨ ᠳᠠᠬᠢ ᠣᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠥᠷᠭᠡᠨ ᠣᠯᠠᠨ ᠬᠥᠭᠵᠢᠵᠦ ᠪᠠᠶᠢᠭ᠎ᠠ ᠤᠯᠤᠰ ᠤᠨ ᠠᠰᠢᠭ ᠲᠤᠰᠠ ᠶᠢ ᠬᠠᠮᠲᠤ ᠪᠠᠷ ᠬᠠᠮᠠᠭᠠᠯᠠᠵᠤ᠂ ᠣᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ ᠭᠠᠵᠠᠷ ᠣᠷᠣᠨ ᠪᠣᠯᠤᠨ ᠳᠡᠯᠡᠬᠡᠢ ᠶᠢᠨ ᠬᠥᠭᠵᠢᠯ ᠴᠡᠴᠡᠭᠯᠡᠯ ᠲᠣᠭᠲᠠᠭᠤᠨ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃    ᠫᠦᠯᠡᠪᠦ᠋ᠸᠧᠸᠣ᠋ ᠠᠴᠠ᠂ ᠢᠨᠳᠣᠨᠧᠰᠢᠶ᠎ᠠ ᠶᠢᠨ ᠳᠤᠮᠳᠠᠳᠤ ᠤᠯᠤᠰ ᠯᠤᠭ᠎ᠠ ᠶᠢᠨ ᠶᠠᠪᠤᠯᠴᠠᠭ᠎ᠠ ᠥᠨᠢ ᠤᠳᠠᠭᠠᠨ ᠲᠡᠦᠬᠡ ᠲᠠᠢ ᠃ ᠢᠨᠳᠣᠨᠧᠰᠢᠶ᠎ᠠ ᠶᠢᠨ ᠬᠢᠨ ᠳᠤᠮᠳᠠᠳᠤ ᠤᠯᠤᠰ ᠢᠨᠳᠣᠨᠧᠰᠢᠶ᠎ᠠ ᠪᠣᠯᠤᠨ ᠢᠨᠳᠣᠨᠧᠰᠢᠶ᠎ᠠ ᠶᠢᠨ ᠠᠷᠠᠳ ᠲᠦᠮᠡᠨ ᠢ ᠬᠦᠨᠳᠦᠳᠬᠡᠵᠦ ᠨᠥᠬᠦᠷᠰᠡᠭ ᠢᠶᠠᠷ ᠪᠠᠶᠢᠬᠤ ᠶᠢ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠢᠨᠳᠣᠨᠧᠰᠢᠶ᠎ᠠ ᠳᠤ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠪᠢ ᠰᠣᠩᠭᠤᠭᠳᠠᠭᠰᠠᠨ ᠤ ᠪᠠᠨ ᠳᠠᠷᠠᠭ᠎ᠠ ᠠᠩᠬ᠎ᠠ ᠤᠳᠠᠭ᠎ᠠ ᠠᠯᠪᠠᠨ ᠶᠣᠰᠣᠨ ᠤ ᠠᠶᠢᠯᠴᠢᠯᠠᠯᠲᠠ ᠳᠤᠮᠳᠠᠳᠤ ᠤᠯᠤᠰ ᠲᠤ ᠢᠷᠡᠵᠦ᠂ ᠬᠤᠶᠠᠷ ᠤᠯᠤᠰ ᠤᠨ ᠨᠥᠬᠦᠷᠯᠡᠯ ᠪᠣᠯᠤᠨ ᠬᠠᠮᠲᠤᠷᠠᠯᠴᠠᠭ᠎ᠠ ᠶᠢ ᠪᠠᠬᠢᠵᠢᠭᠦᠯᠵᠦ᠂ ᠬᠤᠶᠠᠷ ᠤᠯᠤᠰ ᠤᠨ ᠬᠠᠷᠢᠯᠴᠠᠭᠠᠨ ᠤ ᠶᠠᠰᠤ ᠴᠢᠨᠠᠷ ᠢ ᠳᠡᠭᠡᠭᠰᠢᠯᠡᠭᠦᠯᠵᠦ ᠳᠡᠰ ᠳᠡᠪᠰᠢᠭᠦᠯᠬᠦ ᠶᠢ ᠠᠬᠢᠭᠤᠯᠤᠨ᠎ᠠ᠃ ᠢᠨᠳᠣᠨᠧᠰᠢᠶ᠎ᠠ ᠶᠢᠨ ᠰᠢᠨ᠎ᠡ ᠵᠠᠰᠠᠭ ᠤᠨ ᠣᠷᠳᠣᠨ ᠳᠤᠮᠳᠠᠳᠤ ᠤᠯᠤᠰ ᠤᠨ ᠣᠯᠤᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠢᠰᠢᠷᠡᠨ ᠪᠢᠰᠢᠷᠡᠵᠦ᠂ ᠳᠤᠮᠳᠠᠳᠤ ᠶᠢᠨ ᠲᠠᠯ᠎ᠠ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ᠳᠤᠮᠳᠠᠳᠤ ᠶᠢᠨ ᠲᠠᠯ᠎ᠠ ᠲᠠᠢ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ᠂ ᠬᠥᠳᠡᠭᠡ ᠠᠵᠤ ᠠᠬᠤᠢ᠂ ᠶᠠᠳᠠᠭᠤ ᠶᠢ ᠲᠡᠳᠬᠦᠬᠦ᠂ ᠠᠷᠠᠳ ᠤᠨ ᠠᠮᠢᠳᠤᠷᠠᠯ᠂ ᠪᠣᠬᠢᠷᠲᠤᠯ ᠦᠭᠡᠢ ᠠᠵᠤ ᠠᠬᠤᠢ ᠵᠡᠷᠭᠡ ᠬᠦᠷᠢᠶᠡᠨ ᠤ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠲᠠᠯ᠎ᠠ ᠶᠢᠨ ᠨᠡᠩ ᠨᠢᠭᠲᠠ ᠬᠠᠷᠢᠴᠠᠭ᠎ᠠ ᠶᠢ ᠪᠠᠶᠢᠭᠤᠯᠵᠤ᠂ ᠭᠠᠵᠠᠷ ᠣᠷᠣᠨ ᠪᠣᠯᠤᠨ ᠳᠡᠯᠡᠬᠡᠢ ᠶᠢᠨ ᠨᠠᠶᠢᠷᠠᠮᠳᠠᠯ ᠬᠥᠭᠵᠢᠯᠲᠡ ᠳᠤ ᠵᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃    ᠡᠦ ᠵᠧᠩ ᠯᠦᠩ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号