ᠰᠢ ᠶᠢᠨ ᠫᠢᠩ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2024/4/3
   4 ᠰᠠᠷ᠎ᠠ ᠶᠢᠨ 2 ᠤᠨ ᠣᠷᠣᠶ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠪᠠᠷ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠤᠲᠠᠰᠤ ᠪᠠᠷ ᠶᠠᠷᠢᠯᠴᠠᠪᠠ᠃ ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠬᠠᠷᠢᠯᠴᠠᠭ᠎ᠠ ᠵᠢᠴᠢ ᠬᠤᠶᠠᠷ ᠲᠠᠯ᠎ᠠ ᠶᠢᠨ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠦᠨᠡᠨᠴᠢ ᠪᠠᠷ ᠭᠦᠨᠵᠡᠭᠡᠢ ᠰᠣᠯᠢᠯᠴᠠᠪᠠ᠃   ᠰᠢ ᠶᠢᠨ ᠫᠢᠩ᠂ ᠨᠢᠳᠤᠨᠤᠨ ᠤ 11 ᠰᠠᠷ᠎ᠠ ᠳᠤ ᠪᠢ ᠶᠡᠷᠦᠩᠬᠡᠶᠢᠯᠡᠭᠴᠢ ᠠᠪᠤᠭᠠᠢ ᠲᠠᠢ ᠰᠠᠨ ᠹᠷᠠᠨᠰᠢᠰᠺᠦ ᠳᠤ ᠠᠭᠤᠯᠵᠠᠵᠤ᠂ ᠢᠷᠡᠭᠡᠳᠦᠢ ᠳᠤ ᠬᠠᠨᠳᠤᠭᠰᠠᠨ ︽ᠰᠠᠨ ᠹᠷᠠᠨᠰᠢᠰᠺᠦ ᠶᠢᠨ ᠬᠦᠰᠡᠯ ᠪᠠᠷᠠᠯᠠᠯ︾ ᠢ ᠡᠬᠢᠯᠡᠭᠦᠯᠪᠡ᠃ ᠡᠨᠡ ᠬᠡᠳᠦᠨ ᠰᠠᠷ᠎ᠠ ᠳᠤ ᠬᠤᠶᠠᠷ ᠲᠠᠯ᠎ᠠ ᠶᠢᠨ ᠪᠦᠯᠬᠦᠮ ᠪᠢᠳᠠᠨ ᠤ ᠲᠤᠬᠢᠷᠠᠯᠴᠠᠭᠰᠠᠠ ᠬᠠᠮᠲᠤ ᠶᠢᠨ ᠲᠠᠨᠢᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠲᠣᠭᠲᠠᠭᠤᠨ ᠪᠠᠶᠢᠳᠠᠯ ᠢᠯᠡᠷᠡᠵᠦ᠂ ᠬᠤᠶᠠᠷ ᠤᠯᠤᠰ ᠤᠨ ᠡᠯ᠎ᠡ ᠡᠲᠡᠭᠡᠳ ᠪᠣᠯᠤᠨ ᠳᠡᠯᠡᠬᠡᠢ ᠨᠡᠶᠢᠭᠡᠮ ᠤᠨ ᠬᠦᠷᠢᠶᠡᠯᠡᠯ ᠢ ᠤᠯᠪᠠ᠃ ᠨᠦᠭᠦᠭᠡ ᠲᠠᠯ᠎ᠠ ᠪᠠᠷ᠂ ᠬᠤᠶᠠᠷ ᠤᠯᠤᠰ ᠤᠨ ᠬᠠᠷᠢᠯᠴᠠᠭᠠᠨ ᠳᠠᠬᠢ ᠨᠠᠵᠠᠭᠠᠢ ᠬᠦᠴᠦᠨ ᠵᠦᠢᠯ ᠴᠦ ᠡᠳᠦᠢ ᠲᠡᠳᠦᠢ ᠨᠡᠮᠡᠭᠳᠡᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ ᠴᠢᠬᠤᠯᠠᠴᠢᠯᠠᠨ ᠦᠵᠡᠬᠦ ᠬᠡᠷᠡᠭᠳᠡᠢ ᠭᠡᠵᠤ ᠵᠢᠭᠠᠵᠤ ᠭᠠᠷᠭᠠᠵᠠᠢ᠃   ᠰᠢ ᠶᠢᠨ ᠫᠢᠩ᠂ ᠪᠠᠶᠢᠯᠳᠤᠬᠤ ᠪᠤᠳᠤᠯᠭ᠎ᠠ ᠶᠢᠨ ᠲᠠᠨᠢᠯᠲᠠ ᠶᠢᠨ ᠠᠰᠠᠭᠤᠳᠠᠯ ᠪᠣᠯ ᠢᠮᠠᠭᠲᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠡᠷᠬᠡᠪᠰᠢ ᠰᠠᠶᠢᠲᠤᠷ ᠴᠢᠬᠤᠯᠠᠴᠢᠯᠠᠬᠤ ︽ᠠᠩᠬᠠᠨ ᠤ ᠠᠯᠬᠤᠮ︾ ᠪᠣᠯᠤᠨ᠎ᠠ᠃ ᠳᠤᠮᠳᠠᠳᠤ ᠠᠮᠧᠷᠢᠺᠠ ᠡᠶᠢᠮᠦ ᠬᠤᠶᠠᠷ ᠲᠤᠮᠤ ᠤᠯᠤᠰ ᠶᠠᠪᠤᠯᠴᠠᠬᠤ ᠦᠭᠡᠢ᠂ ᠬᠠᠷᠢᠯᠴᠠᠬᠤ ᠦᠭᠡᠢ ᠪᠠᠶᠢᠵᠤ ᠪᠣᠯᠬᠤ ᠦᠭᠡᠢ᠂ ᠨᠡᠩ ᠴᠤ ᠮᠥᠷᠭᠦᠯᠳᠦᠨ ᠡᠰᠡᠷᠭᠦᠴᠡᠯᠳᠦᠵᠦ ᠪᠣᠯᠬᠤ ᠦᠭᠡᠢ᠂ ᠬᠠᠷᠢᠯᠴᠠᠨ ᠬᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠬᠠᠮᠲᠤᠷᠠᠯᠴᠠᠨ ᠬᠠᠮᠲᠤ ᠪᠠᠷ ᠠᠰᠢᠭ ᠬᠦᠷᠲᠡᠵᠦ᠂ ᠦᠷᠭᠦᠯᠵᠢᠯᠡᠨ ᠲᠣᠭᠲᠠᠭᠤᠨ᠂ ᠡᠷᠡᠭᠦᠯ᠂ ᠦᠷᠭᠦᠯᠵᠢᠯᠡᠬᠦ ᠵᠠᠮ ᠢᠶᠠᠷ ᠤᠷᠤᠭᠰᠢᠯᠠᠪᠠᠯ ᠵᠤᠬᠢᠨ᠎ᠠ᠂ ᠬᠠᠷᠢᠨ ᠦᠩᠭᠡᠷᠡᠭᠰᠡᠨ ᠤ ᠵᠠᠮ ᠢᠶᠠᠷ ᠢᠶᠠᠨ ᠵᠠᠮᠨᠠᠵᠤ ᠪᠣᠯᠬᠤ ᠦᠭᠡᠢ ᠭᠡᠵᠤ ᠴᠢᠬᠤᠯᠠᠴᠢᠯᠠᠪᠠ᠃   ᠰᠢ ᠶᠢᠨ ᠫᠢᠩ᠂ ᠡᠨᠡ ᠵᠢᠯ ᠳ᠋ᠤᠮᠳᠠᠳᠤ ᠠᠮᠧᠷᠢᠺᠠ ᠶᠢᠨ ᠬᠠᠷᠢᠯᠴᠠᠭ᠎ᠠ ᠬᠡᠳᠦᠨ ᠶᠡᠭᠡ ᠵᠠᠷᠴᠢᠮ ᠢ ᠪᠠᠷᠢᠮᠲᠠᠯᠠᠬᠤ ᠬᠡᠷᠡᠭᠲᠡᠢ᠃ ᠨᠢᠭᠡ ᠳᠤ᠂ ᠨᠠᠶᠢᠷᠠᠮᠳᠠᠯ ᠢ ᠡᠷᠬᠢᠮᠯᠡᠵᠦ᠂ ᠮᠥᠷᠭᠦᠯᠳᠦᠬᠦ ᠦᠭᠡᠢ ᠡᠰᠡᠷᠭᠦᠴᠡᠯᠳᠦᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠠᠬᠢ ᠵᠥᠪ ᠲᠠᠯ᠎ᠠ ᠶᠢᠨ ᠵᠢᠱᠢᠯᠲᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠶ᠎ᠠ᠃ ᠬᠤᠶᠠᠷ ᠲᠤ᠂ ᠲᠣᠭᠲᠠᠭᠤᠨ ᠪᠠᠶᠢᠬᠤ ᠶᠢ ᠴᠢᠬᠤᠯᠠᠴᠢᠯᠠᠵᠤ᠂ ᠳᠡᠩᠰᠡᠯᠭᠡᠬᠦ ᠦᠭᠡᠢ᠂ ᠬᠡᠷᠡᠭ ᠦᠳᠦᠬᠡᠬᠦ ᠦᠭᠡᠢ᠂ ᠬᠠᠷᠢᠯᠴᠠᠨ ᠭᠠᠷ ᠲᠦᠷᠦᠬᠦ ᠦᠬᠡᠢ ᠪᠠᠶᠢᠵᠤ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠶ᠎ᠠ᠃ ᠭᠤᠷᠪᠠ ᠳᠤ᠂ ᠦᠨᠡᠨᠴᠢ ᠢᠲᠡᠭᠡᠮᠵᠢ ᠪᠠᠷ ᠦᠨᠳᠦᠰᠦ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠲᠤᠰ ᠲᠤᠰ ᠤᠨ ᠠᠮᠠᠯᠠᠯᠲᠠ ᠪᠠᠨ ᠪᠡᠶᠡᠯᠡᠭᠦᠯᠵᠦ᠂ ︽ᠰᠠᠨ ᠹᠷᠠᠨᠰᠢᠰᠺᠤ ᠶᠢᠨ ᠬᠦᠰᠡᠯ ᠪᠠᠷᠠᠯᠠᠯ︾ ᠢ ︽ᠪᠣᠳᠠᠲᠤ ᠠᠬᠤᠢ ᠪᠠᠶᠢᠳᠠᠯ︾ ᠪᠣᠯᠭᠠᠨ ᠬᠤᠪᠢᠷᠠᠭᠤᠯᠤᠶ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠭᠡᠬᠦ ᠬᠡᠯᠪᠡᠷᠢ ᠪᠠᠷ ᠶᠠᠷᠢᠯᠴᠠᠭ᠎ᠠ ᠪᠠᠨ ᠴᠢᠩᠭᠠᠳᠬᠠᠵᠤ᠂ ᠵᠥᠷᠢᠴᠡᠯ ᠢᠶᠠᠨ ᠪᠣᠯᠭᠤᠮᠵᠢᠲᠠᠢ ᠣᠪᠣᠷ ᠢᠶᠠᠷ ᠬᠠᠮᠢᠶᠠᠷᠤᠨ ᠡᠵᠡᠮᠳᠡᠵᠦ᠂ ᠬᠠᠷᠢᠯᠴᠠᠨ ᠠᠰᠢᠭᠲᠠᠢ ᠪᠠᠶᠢᠬᠤ ᠵᠣᠷᠢᠭ ᠰᠠᠨᠠᠭ᠎ᠠ ᠪᠠᠷ ᠬᠠᠮᠲᠤᠷᠠᠯᠴᠠᠭ᠎ᠠ ᠪᠠᠨ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠷ ᠤᠯᠠᠨ ᠤᠯᠤᠰ ᠤᠨ ᠵᠣᠬᠢᠴᠠᠭᠤᠯᠭ᠎ᠠ ᠶᠢ ᠴᠢᠩᠭᠠᠳᠬᠠᠶ᠎ᠠ ᠭᠡᠵᠤ ᠵᠢᠭᠠᠵᠤ ᠭᠠᠷᠭᠠᠵᠠᠢ᠃   ᠰᠢ ᠶᠢᠨ ᠫᠢᠩ᠂ ᠲᠠᠶᠢᠸᠠᠨ ᠤ ᠠᠰᠠᠭᠤᠳᠠᠯ ᠪᠣᠯ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠩ ᠲᠦᠷᠦᠭᠦᠨ ᠤ ᠳᠠᠪᠠᠵᠤ ᠪᠣᠯᠤᠰᠢ ᠦᠭᠡᠢ ᠤᠯᠠᠭᠠᠨ ᠱᠤᠭᠤᠮ ᠮᠥᠨ᠃ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠦᠴᠦᠨ ᠤ ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ ᠳᠤᠷ᠎ᠠ ᠪᠠᠷ ᠨᠢ ᠲᠠᠯᠪᠢᠵᠤ ᠬᠠᠪᠰᠤᠷᠤᠨ ᠳᠡᠮᠵᠢᠬᠦ ᠠᠵᠢᠯᠯᠠᠭ᠎ᠠ ᠶᠢ ᠪᠢᠳᠡ ᠰᠤᠨᠤᠰᠤᠭᠠᠳ ᠯᠡ ᠦᠩᠭᠡᠷᠡᠭᠦᠯᠬᠦ ᠪᠢᠰᠢ ᠶᠤᠮ᠃ ᠠᠮᠧᠷᠢᠺᠠ ᠶᠢᠨ ᠬᠢᠨ ᠶᠡᠷᠦᠩᠬᠡᠶᠢᠯᠡᠭᠴᠢ ᠠᠪᠤᠭᠠᠢ ᠶᠢᠨ ︽ᠲᠠᠶᠢᠸᠠᠨ ᠤ ᠲᠤᠰᠠᠭᠠᠷ ᠲᠣᠭᠲᠠᠨᠢᠬᠤ︾ ᠶᠢ ᠦᠯᠦ ᠳᠡᠮᠵᠢᠬᠦ ᠢᠳᠡᠪᠬᠢᠲᠡᠢ ᠣᠪᠣᠷ ᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠠᠮᠧᠷᠢᠺᠠ ᠶᠢᠨ ᠳᠤᠮᠳᠠᠳᠤ ᠤᠯᠤᠰ ᠤᠨ ᠠᠵᠤ ᠠᠬᠤᠶ ᠠᠷᠠᠯᠵᠢᠶ᠎ᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠳᠤ ᠴᠢᠭᠯᠡᠭᠦᠯᠦᠭᠰᠡᠨ ᠳᠠᠷᠤᠯᠲᠠ ᠦᠵᠡᠭᠦᠯᠬᠦ ᠠᠷᠭ᠎ᠠ ᠬᠡᠮᠵᠢᠶ᠎ᠡ ᠲᠠᠰᠤᠷᠠᠯᠲᠠ ᠥᠬᠡᠶ ᠭᠠᠷᠴᠤ ᠢᠷᠡᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠢ ᠵᠠᠯᠬᠠᠭᠠᠬᠤ ᠳᠠᠩᠰᠠ ᠶᠠᠪᠤᠬᠤ ᠲᠤᠲᠤᠮ ᠨᠡᠮᠡᠭᠳᠡᠵᠦ ᠪᠠᠶᠢᠨ᠎ᠠ᠃ ᠡᠨᠡ ᠨᠢ ︽ᠲᠦᠭᠰᠢᠭᠦᠷᠢ ᠶᠢ ᠠᠷᠢᠯᠭᠠᠬᠤ︾ ᠶᠠᠪᠤᠳᠠᠯ ᠪᠢᠰᠢ᠂ ᠬᠠᠷᠢᠨ ᠲᠦᠭᠰᠢᠭᠦᠷᠢ ᠶᠢ ᠪᠤᠢ ᠪᠣᠯᠭᠠᠬᠤ ᠶᠠᠪᠤᠳᠠᠯ ᠪᠣᠯᠤᠨ᠎ᠠ᠃ ᠬᠡᠷᠪᠡ ᠠᠮᠧᠷᠢᠺᠠ ᠶᠢᠨ ᠲᠠᠯ᠎ᠠ ᠶᠢᠨ ᠬᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠨᠢᠭᠦᠯᠵᠦ᠂ ᠳᠤᠮᠳᠠᠳᠤ ᠤᠯᠤᠰ ᠤᠨ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠡᠳ᠋ᠯᠡᠬᠦ ᠳᠤᠷᠠᠲᠠᠢ ᠪᠣᠯ᠂ ᠳᠤᠮᠳᠠᠳᠤ ᠶᠢᠨ ᠲᠠᠯ᠎ᠠ ᠶᠢᠨ ᠬᠢᠨ ᠬᠡᠵᠢᠶᠡᠳᠡ ᠡᠭᠦᠳᠡ ᠪᠠᠨ ᠨᠡᠭᠡᠭᠡᠵᠦ ᠤᠬᠳᠤᠨ᠎ᠠ︔ ᠬᠡᠷᠪᠡ ᠠᠮᠧᠷᠢᠺᠠ ᠶᠢᠨ ᠲᠠᠯ᠎ᠠ ᠶᠢᠨ ᠬᠢᠨ ᠮᠣᠵᠢᠭᠤᠳᠠ ᠪᠠᠷ ᠳᠤᠮᠳᠠᠳᠤ ᠤᠯᠤᠰ ᠤᠨ ᠳᠡᠭᠡᠳᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠥᠭᠵᠢᠯᠲᠡ ᠶᠢ ᠳᠠᠷᠤᠵᠤ᠂ ᠳᠤᠮᠳᠠᠳᠤ ᠤᠯᠤᠰ ᠤᠨ ᠵᠦᠢ ᠶᠣᠰᠣᠨ ᠤ ᠬᠥᠭᠵᠢᠯᠲᠡ ᠶᠢᠨ ᠡᠷᠬᠡ ᠶᠢ ᠦᠬᠡᠶᠢᠰᠬᠡᠬᠦ ᠳᠤ ᠬᠦᠷᠪᠡᠯ ᠪᠢᠳᠡ ᠪᠠᠰᠠ ᠬᠠᠮᠢᠶᠠᠷᠬᠤ ᠦᠭᠡᠢ ᠰᠠᠭᠤᠬᠤ ᠪᠢᠰᠢ ᠭᠡᠵᠦ ᠴᠢᠬᠤᠯᠠᠴᠢᠯᠠᠪᠠ᠃   ᠰᠢ ᠶᠢᠨ ᠫᠢᠩ ᠰᠢᠶᠠᠩᠭᠠᠩ᠂ ᠬᠥᠮᠦᠨ ᠤ ᠡᠷᠬᠡ᠂ ᠡᠮᠦᠨᠡᠲᠦ ᠲᠠᠩᠭᠢᠰ ᠵᠡᠷᠭᠡ ᠳᠤ ᠬᠤᠯᠪᠤᠬᠳᠠᠬᠰᠠᠨ ᠠᠰᠠᠭᠤᠳᠠᠯ ᠤᠨ ᠲᠠᠯ᠎ᠠ ᠪᠠᠷ ᠬᠢ ᠳᠤᠮᠳᠠᠳᠤ ᠤᠯᠤᠰ ᠤᠨ ᠵᠣᠭᠰᠣᠯᠲᠠ ᠶᠢ ᠲᠣᠳᠣᠷᠬᠠᠶᠢᠯᠠᠨ ᠥᠭᠦᠯᠡᠪᠡ᠃   ᠪᠠᠶᠢᠳᠧᠨ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠭᠦᠨ ᠭᠦᠨᠵᠡᠭᠡᠢ ᠨᠥᠯᠥᠭᠡ ᠲᠠᠢ ᠬᠤᠶᠠᠷ ᠲᠠᠯ᠎ᠠ ᠶᠢᠨ ᠬᠠᠷᠢᠯᠴᠠᠭ᠎ᠠ ᠪᠣᠯᠤᠨ᠎ᠠ᠃ ᠰᠠᠨ ᠹᠷᠠᠨᠰᠢᠰᠺᠤ ᠶᠢᠨ ᠠᠭᠤᠯᠵᠠᠯᠲᠠ ᠠᠴᠠ ᠨᠠᠭᠠᠰᠢᠬᠢ ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠣᠯᠤᠭᠰᠠᠨ ᠠᠬᠢᠴᠠ ᠨᠢ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠢᠳᠡᠪᠬᠢᠲᠡᠶ ᠪᠠᠷ ᠠᠬᠢᠭᠤᠯᠬᠤ ᠶᠢᠨ ᠬᠠᠮᠳᠤ ᠬᠠᠷᠢᠭᠤᠴᠠᠬᠤ ᠤᠪᠤᠷ ᠢᠶᠠᠷ ᠵᠥᠷᠢᠯᠳᠦᠭᠡᠨ ᠢᠶᠠᠨ ᠬᠠᠮᠢᠶᠠᠷᠴᠤ ᠪᠣᠯᠬᠤ ᠶᠢ ᠬᠠᠷᠠᠭᠤᠯᠪᠠ᠃ ᠠᠮᠧᠷᠢᠺᠠ ᠶᠢᠨ ᠲᠠᠯ᠎ᠠ ᠶᠢᠨ ᠬᠢᠨ ︽ᠰᠢᠨ᠎ᠡ ᠬᠦᠢᠲᠡᠨ ᠳᠠᠶᠢᠨ︾ ᠢ ᠡᠷᠢᠯᠬᠢᠯᠡᠬᠦ ᠦᠭᠡᠢ᠂ ᠳᠤᠮᠳᠠᠳᠤ ᠤᠯᠤᠰ ᠤᠨ ᠪᠠᠶᠢᠭᠤᠯᠤᠯ ᠢ ᠥᠭᠡᠷᠡᠴᠢᠯᠡᠬᠦ ᠶᠢ ᠡᠷᠢᠯᠬᠢᠯᠡᠬᠦ ᠦᠭᠡᠶ᠂ ᠬᠤᠯᠪᠣᠭᠠᠨ ᠤ ᠬᠠᠷᠢᠯᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠶᠢ ᠡᠷᠢᠯᠬᠢᠯᠡᠬᠦ ᠦᠭᠡᠶ᠂ ︽ᠲᠠᠶᠢᠸᠠᠨ ᠤ ᠲᠤᠰᠠᠭᠠᠷ ᠲᠣᠭᠲᠠᠨᠢᠬᠤ︾ ᠢᠢ ᠳᠡᠮᠵᠢᠬᠦ ᠦᠭᠡᠶ᠂ ᠳᠤᠮᠳᠠᠳᠤ ᠤᠯᠤᠰ ᠲᠠᠢ ᠮᠥᠷᠭᠦᠯᠳᠦᠭᠡᠨ ᠡᠭᠦᠰᠬᠦ ᠪᠤᠳᠤᠯ ᠦᠬᠡᠢ ᠭᠡᠵᠦ ᠪᠢ ᠳᠠᠪᠲᠠᠨ ᠢᠯᠡᠷᠬᠡᠶᠢᠯᠡᠶ᠎ᠡ᠃ ᠠᠮᠧᠷᠢᠺᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠪᠠᠷᠢᠮᠲᠠᠯᠠᠨ᠎ᠠ᠃ ᠳᠤᠮᠳᠠᠳᠤ ᠤᠯᠤᠰ ᠤᠨ ᠬᠥᠭᠵᠢᠯᠲᠡ ᠳᠡᠯᠡᠬᠡᠢ ᠳ᠋ᠠᠬᠢᠨ ᠳᠤ ᠠᠰᠢᠭᠲᠠᠢ᠂ ᠠᠮᠧᠷᠢᠺᠠ ᠳᠤᠮᠳᠠᠳᠤ ᠤᠯᠤᠰ ᠤᠨ ᠬᠥᠭᠵᠢᠯᠲᠡ ᠶᠢ ᠬᠤᠷᠢᠭᠯᠠᠬᠤ ᠶᠢ ᠡᠷᠢᠯᠬᠢᠯᠡᠬᠦ ᠦᠭᠡᠢ᠂ ᠳᠤᠮᠳᠠᠳᠤ ᠤᠯᠤᠰ ᠲᠠᠢ ︽ᠬᠠᠷᠢᠯᠴᠠᠭ᠎ᠠ ᠪᠠᠨ ᠲᠠᠰᠤᠯᠬᠤ︾ ᠶᠢ ᠡᠷᠢᠯᠬᠢᠯᠡᠬᠦ ᠦᠭᠡᠢ᠃ ᠳᠤᠷᠠᠳᠠᠶ᠎ᠠ ᠡᠳ᠋ ᠤᠨ ᠵᠠᠰᠠᠭ ᠤᠨ ᠶᠠᠮᠤᠨ ᠤ ᠰᠠᠶᠢᠳ ᠶᠤᠯᠤᠨ᠂ ᠲᠦᠷᠦ ᠶᠢᠨ ᠶᠠᠪᠤᠳᠠᠯ ᠤᠨ ᠰᠠᠶᠢᠳ ᠪᠦᠯᠢᠨᠺᠤᠨ ᠢ ᠤᠢᠢᠷ᠎ᠠ ᠶᠢᠨ ᠬᠤᠭᠤᠴᠠᠭᠠᠨ ᠳᠤ ᠳᠤᠮᠳᠠᠳᠤ ᠤᠯᠤᠰ ᠲᠤ ᠠᠶᠢᠯᠴᠢᠯᠠᠬᠤ ᠪᠠᠷ ᠳᠤᠬᠢᠷᠠᠭᠤᠯᠵᠤ᠂ ᠳᠤᠮᠳᠠᠳᠤ ᠤᠯᠤᠰ ᠯᠤᠭ᠎ᠠ ᠶᠠᠷᠢᠯᠴᠠᠭ᠎ᠠ ᠤᠯᠤᠯᠴᠠᠭ᠎ᠠ ᠪᠠᠨ ᠴᠢᠩᠭᠠᠳᠬᠠᠵᠤ᠂ ᠪᠤᠷᠤᠭᠤ ᠮᠠᠭᠠᠳᠯᠠᠬᠤ ᠠᠴᠠ ᠵᠠᠶᠢᠯᠠᠰᠭᠢᠵᠦ᠂ ᠬᠠᠮᠲᠤᠷᠠᠯᠴᠠᠭ᠎ᠠ ᠪᠠᠨ ᠠᠬᠢᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠶᠢ ᠠᠬᠢᠭᠤᠯᠵᠤ᠂ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠬᠠᠮᠲᠤ ᠪᠠᠷ ᠠᠷᠭᠠᠴᠠᠭᠠᠨ᠎ᠠ ᠭᠡᠵᠦ ᠢᠯᠡᠳᠭᠡᠪᠡ᠃   ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ᠂ ᠰᠣᠯᠣᠩᠭᠤᠰ ᠬᠤᠶᠢᠭ ᠤᠨ ᠪᠠᠶᠢᠳᠠᠯ ᠵᠡᠷᠭᠡ ᠶᠢᠨ ᠲᠤᠬᠠᠶ ᠰᠠᠨᠠᠯ ᠢᠶᠠᠨ ᠰᠣᠯᠢᠯᠴᠠᠪᠠ᠃   ᠬᠤᠶᠠᠷ ᠤᠯᠤᠰ ᠤᠨ ᠲᠡᠷᠢᠭᠦᠨ᠂ ᠡᠨᠡ ᠤᠳᠠᠭ᠎ᠠ ᠶᠢᠨ ᠤᠲᠠᠰᠤ ᠪᠠᠷ ᠶᠠᠷᠢᠯᠴᠠᠭᠰᠠᠨ ᠨᠢ ᠦᠨᠡᠨᠴᠢ ᠪᠥᠭᠡᠳ ᠪᠦᠲᠦᠭᠡᠯᠴᠢ ᠴᠢᠨᠠᠷᠲᠠᠢ ᠭᠡᠵᠦ ᠦᠵᠡᠪᠡ᠃ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠪᠠᠨ ᠦᠷᠭᠦᠯᠵᠢᠯᠡᠨ ᠪᠠᠲᠤᠯᠠᠵᠤ᠂ ᠬᠤᠶᠠᠷ ᠲᠠᠯ᠎ᠠ ᠶᠢᠨ ᠠᠵᠢᠯᠯᠠᠬᠤ ᠲᠤᠭᠤᠶᠢᠯᠠᠩ ᠢᠶᠠᠷ ︽ᠰᠠᠨ ᠹᠷᠠᠨᠰᠢᠰᠺᠤ ᠶᠢᠨ ᠬᠦᠰᠡᠯ ᠪᠠᠷᠠᠯᠠᠯ︾ ᠢ ᠰᠠᠶᠢᠲᠤᠷ ᠨᠠᠶᠢᠳᠠᠪᠤᠷᠢᠵᠢᠭᠤᠯᠬᠤ ᠶᠢ ᠬᠠᠷᠢᠭᠤᠴᠠᠭᠤᠯᠵᠤ᠂ ᠭᠠᠳᠠᠭᠠᠳᠤ ᠬᠠᠷᠢᠯᠴᠠᠭ᠎ᠠ᠂ ᠠᠵᠤ ᠠᠬᠤᠢ᠂ ᠮᠥᠩᠭᠦᠨ ᠭᠦᠢᠯᠭᠡᠭᠡᠨ᠂ ᠬᠤᠳᠠᠯᠳᠤᠭᠠᠨ ᠤ ᠶᠠᠪᠤᠳᠠᠯ ᠵᠡᠷᠭᠡ ᠬᠦᠷᠢᠶ᠎ᠡ ᠴᠠᠷᠠᠭ᠎ᠠ ᠳᠠᠬᠢ ᠵᠥᠪᠳᠡᠯᠴᠡᠬᠦ ᠲᠣᠭᠲᠠᠴᠠ ᠵᠢᠴᠢ ᠬᠤᠶᠠᠷ ᠤᠯᠤᠰ ᠤᠨ ᠴᠡᠷᠢᠭ ᠤᠨ ᠤᠯᠤᠯᠴᠠᠭ᠎ᠠ ᠶᠢ ᠠᠬᠢᠭᠤᠯᠵᠤ᠂ ᠬᠤᠣᠷ ᠴᠠᠭᠠᠵᠠᠯᠠᠬᠤ᠂ ᠵᠣᠬᠢᠶᠠᠮᠠᠯ ᠤᠶᠤᠨ ᠴᠢᠳᠠᠪᠤᠷᠢ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠬᠦᠷᠢᠶ᠎ᠡ ᠴᠠᠷᠠᠭ᠎ᠠ ᠳᠤ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠴᠢᠨᠠᠭᠰᠢᠳᠠ ᠠᠷᠭ᠎ᠠ ᠬᠡᠮᠵᠢᠶ᠎ᠡ ᠠᠪᠴᠤ ᠬᠤᠶᠠᠷ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠭᠡᠳᠭᠡᠵᠦ᠂ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠤᠯᠤᠯᠴᠠᠭ᠎ᠠ ᠪᠠᠨ ᠴᠢᠩᠭᠠᠳᠬᠠᠬᠤ ᠶᠢ ᠵᠦᠪᠰᠢᠶᠡᠷᠡᠪᠡ᠃ ᠳᠤᠮᠳᠠᠳᠤ ᠤᠯᠤᠰ ᠡᠳ᠋ ᠤᠨ ᠵᠠᠰᠠᠭ ᠤᠨ ᠶᠠᠮᠤᠨ ᠤ ᠰᠠᠶᠢᠳ ᠶᠧᠯᠤᠨ᠂ ᠲᠦᠷᠦ ᠶᠢᠨ ᠶᠠᠪᠤᠳᠠᠯ ᠤᠨ ᠰᠠᠶᠢᠳ ᠪᠦᠯᠢᠩᠺᠧᠨ ᠤ ᠤᠶᠢᠷ᠎ᠠ ᠶᠢᠨ ᠬᠤᠭᠤᠴᠠᠭᠠᠨ  ᠳᠤ ᠳᠤᠮᠳᠠᠳᠤ ᠤᠯᠤᠰ ᠲᠤ ᠠᠶᠢᠯᠴᠢᠯᠠᠬᠤ ᠶᠢ ᠪᠠᠶᠠᠷᠯᠠᠨ ᠤᠭᠲᠤᠵᠤ ᠪᠠᠶᠢᠨ᠎ᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 2 ᠤᠨ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号