ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠪᠠᠷ ᠳᠤᠭᠳᠠᠵᠤ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠤ ︽ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠭᠦᠨᠵᠡᠭᠡᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠰᠠᠨᠠᠯ︾᠎ ᠢ ᠬᠢᠨᠠᠨ ᠵᠥᠪᠯᠡᠪᠡ    ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢ᠊
ᠨᠡᠶᠢᠲᠡᠯᠡᠭᠰᠡᠨ ᠴᠠᠭ᠄
2024/4/30
   ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 30᠎ ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 4 ᠰᠠᠷ᠎ᠠ ᠶᠢᠨ 30᠎ ᠤ ᠡᠳᠦᠷ ᠬᠤᠷᠠᠯ ᠬᠤᠷᠠᠯᠳᠤᠭᠤᠯᠵᠤ᠂ ᠡᠨᠡ ᠵᠢᠯ ᠤᠨ 7 ᠰᠠᠷ᠎ᠠ ᠳᠤ ᠪᠡᠭᠡᠵᠢᠩ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠪᠠᠷ ᠲᠣᠭᠲᠠᠪᠠ᠂ ᠭᠤᠣᠯ ᠵᠥᠪᠯᠡᠬᠦ ᠵᠦᠢᠯ ᠭᠡᠪᠡᠯ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠠᠴᠠ  ᠨᠠᠮ ᠤᠨ ᠲᠥᠪ ᠬᠤᠷᠢᠶ᠎ᠠ ᠳᠤ ᠠᠵᠢᠯ ᠢᠶᠠᠨ ᠮᠡᠳᠡᠭᠦᠯᠵᠦ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠭᠤᠣᠯᠳᠠᠯᠭ᠎ᠠ ᠲᠠᠢ ᠰᠤᠳᠤᠯᠤᠨ᠎ᠠ᠃ ᠬᠤᠷᠠᠯ ᠠᠴᠠ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠤᠨ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠤ᠂ ︽ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠭᠦᠨᠵᠡᠭᠡᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠰᠠᠨᠠᠯ︾᠎ ᠢ ᠬᠢᠨᠠᠨ ᠵᠥᠪᠯᠡᠪᠡ᠃        ᠬᠤᠷᠠᠯ ᠠᠴᠠ᠂ ᠥᠭᠡᠷᠡᠴᠢᠯᠡᠯᠲᠡ ᠨᠡᠭᠡᠭᠡᠯᠲᠡ ᠪᠣᠯ ᠨᠠᠮ ᠪᠣᠯᠤᠨ ᠠᠷᠠᠳ ᠲᠦᠮᠡᠨ ᠤ ᠦᠢᠯᠡᠰ ᠤᠨ ᠶᠡᠭᠡ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠬᠦ ᠴᠢᠬᠤᠯᠠ ᠡᠷᠳᠡᠨᠢ ᠮᠥᠨ᠃ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠤᠨ ᠡᠮᠦᠨ᠎ᠡ᠂ ᠰᠢᠨ᠎ᠡ ᠨᠢᠬᠡᠨ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ ᠠᠷᠠᠳ ᠣᠯᠠᠨ ᠤ ᠰᠢᠨ᠎ᠡ ᠬᠦᠢᠰᠠᠯ ᠡᠷᠡᠮᠡᠯᠵᠡᠯ ᠤᠨ ᠡᠮᠦᠨ᠎ᠡ᠂ ᠡᠷᠬᠡᠪᠰᠢ ᠣᠢᠭᠡᠷᠠᠴᠢᠯᠠᠯᠲᠠ ᠶᠢ ᠣᠢᠷᠭᠦᠯᠵᠢᠯᠠᠨ ᠤᠷᠤᠭᠰᠢᠯᠠᠭᠤᠯᠬᠤ ᠬᠡᠷᠡᠭᠲᠡᠢ᠃ ᠡᠨᠡ ᠪᠣᠯ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠢᠭᠤᠯᠤᠯ ᠶᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠳᠠ ᠶᠢᠨ ᠰᠢᠰᠲ᠋ᠧᠮ ᠪᠣᠯᠤᠨ ᠵᠠᠰᠠᠯᠳᠠ ᠶᠢᠨ ᠴᠢᠳᠠᠪᠦᠷᠢ ᠶᠢᠨ ᠤᠳᠤᠬᠢᠴᠢᠯᠠᠯᠳᠠ ᠶᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ ᠳᠤᠭᠤᠰᠢᠯᠠᠭᠤᠯᠵᠤ᠂ ᠮᠠᠨ ᠤ ᠤᠯᠤᠰ ᠤᠨ ᠨᠡᠶᠢᠬᠡᠮ ᠤᠨ ᠭᠤᠣᠯ ᠵᠥᠷᠢᠴᠡᠯ ᠤᠨ ᠬᠤᠪᠢᠷᠠᠯᠳᠠ ᠳᠤ ᠨᠡᠩ ᠰᠠᠶᠢᠲᠤᠷ ᠵᠣᠬᠢᠴᠡᠭᠰᠠᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠳᠠ ᠶᠢᠨ ᠦᠷ᠎ᠡ ᠪᠦᠲᠦᠭᠡᠯ ᠢᠶᠠᠷ ᠪᠦᠬᠦ ᠠᠷᠠᠳ ᠲᠦᠮᠡᠨ ᠳᠤ ᠨᠡᠩ ᠣᠯᠠᠨ ᠨᠡᠩ ᠭᠤᠣᠯᠴᠢ ᠪᠠᠷ ᠬᠦᠷᠲᠡᠭᠡᠬᠦ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠬᠦᠨᠳᠦ ᠶᠡᠭᠡ ᠠᠶᠤᠯ ᠲᠦᠭ᠌ᠰᠢᠭᠦᠷᠢ ᠦᠷᠢᠰᠦᠯᠳᠦᠬᠡᠨ ᠢ ᠠᠷᠭᠠᠴᠠᠭᠠᠵᠤ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠳᠤᠭᠳᠠᠭᠤᠨ ᠢᠶᠠᠷ ᠠᠯᠤᠰ ᠢ ᠵᠣᠷᠢᠭᠤᠯᠬᠤ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠬᠥᠮᠦᠨ ᠲᠦᠷᠦᠯᠬᠢᠳᠡᠨ ᠤ ᠬᠤᠪᠢ  ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠬᠤ᠂ ᠡᠳᠦᠷ ᠢᠷᠡᠬᠦᠶ᠎ᠡ ᠰᠢᠷᠦᠬᠦᠰᠴᠦ ᠪᠠᠶᠢᠭ᠎ᠠ ᠣᠯᠠᠨ ᠤᠯᠤᠰ ᠤᠨ  ᠦᠷᠢᠰᠦᠯᠳᠦᠭᠡᠨ ᠤ ᠳᠤᠮᠳᠠ ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠲᠤ ᠪᠦᠬᠦ ᠨᠠᠮ ᠢᠶᠠᠷ ᠢᠶᠠᠨ ᠡᠷᠬᠡᠪᠰᠢ ᠥᠭᠡᠷᠡᠴᠢᠯᠡᠯᠲᠡᠡ ᠶᠢ ᠤᠬᠠᠮᠰᠠᠷ ᠠᠴᠠ ᠪᠠᠨ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠠᠢ ᠨᠢᠭᠲᠠ ᠤᠶᠠᠯᠳᠤᠭᠤᠯᠵᠤ ᠥᠭᠡᠷᠡᠴᠢᠯᠡᠯᠲᠡᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃    ᠬᠤᠷᠠᠯ ᠠᠴᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠬᠥᠭ ᠠᠶᠠᠰ ᠢ ᠭᠦᠨᠵᠡᠭᠡᠢ ᠲᠤᠭᠤᠰᠢᠯᠠᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠬᠦ ᠪᠠ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠪᠠᠲᠤᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠵᠢᠯᠣᠭᠤᠳᠤᠮᠵᠢ ᠶᠢ ᠪᠣᠯᠭᠠᠵᠤ᠂ ᠨᠡᠶᠢᠭᠡᠮ ᠤᠨ ᠡᠷᠬᠡ ᠲᠡᠭᠰᠢ ᠲᠥᠪ ᠭᠤᠣᠯᠴᠢ ᠶᠢ ᠠᠬᠢᠭᠤᠯᠵᠤ᠂ ᠠᠷᠠᠳ ᠲᠦᠮᠡᠨ ᠤ ᠬᠡᠰᠢᠭ ᠪᠤᠶᠠᠨ ᠢ ᠨᠡᠮᠡᠭᠳᠡᠭᠦᠯᠬᠦ ᠪᠠᠷ ᠭᠠᠷᠳᠠᠴᠠ ᠪᠠ ᠳᠤᠰᠤᠯᠳᠠ ᠪᠠᠨ ᠪᠣᠯᠭᠠᠵᠤ᠂ ᠰᠢᠰᠲ᠋ᠧᠮ ᠤᠨ ᠬᠤᠷᠠᠮᠳᠤᠯ ᠢ ᠨᠡᠩ ᠴᠢᠬᠤᠯᠠᠴᠢᠯᠠᠵᠤ᠂ ᠭᠤᠣᠯᠳᠠᠯᠭ᠎ᠠ ᠶᠢ ᠲᠣᠪᠤᠶᠢᠯᠭᠠᠬᠤ ᠶᠢ ᠨᠡᠩ ᠴᠢᠬᠤᠯᠠᠴᠢᠯᠠᠵᠤ᠂ ᠥᠭᠡᠷᠡᠴᠢᠯᠡᠯᠲᠡ ᠶᠢᠨ ᠪᠣᠳᠠᠲᠤ ᠦᠷ᠎ᠡ ᠠᠰᠢᠭ ᠢ ᠨᠡᠩ ᠴᠢᠬᠤᠯᠠᠴᠢᠯᠠᠵᠤ᠂ ᠦᠢᠯᠡᠳᠪᠦᠷᠢᠯᠡᠯ ᠤᠨ ᠬᠠᠷᠢᠴᠠᠭ᠎ᠠ ᠪᠣᠯᠤᠨ ᠦᠢᠯᠡᠳᠪᠦᠷᠢᠯᠡᠯ ᠤᠨ ᠬᠦᠴᠦᠨ᠂ ᠳᠠᠪᠬᠤᠷᠭ᠎ᠠ ᠪᠣᠯᠤᠨ ᠠᠵᠤ ᠠᠬᠤᠢ ᠶᠢᠨ ᠰᠠᠭᠤᠷᠢ᠂ ᠤᠯᠤᠰ ᠤᠨ ᠵᠠᠰᠠᠯᠲᠠ ᠪᠣᠯᠤᠨ ᠨᠡᠶᠢᠭᠡᠮ ᠤᠨ ᠬᠥᠭᠵᠢᠯᠲᠡ ᠳᠤ ᠨᠡᠩ ᠰᠠᠶᠢᠨ ᠵᠣᠬᠢᠴᠠᠯᠳᠤᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠪᠠᠶᠢᠭᠤᠯᠤᠯ ᠤᠨ ᠪᠠᠲᠤᠯᠠᠭ᠎ᠠ ᠬᠠᠩᠭᠠᠨ᠎ᠠ᠃ᠬᠤᠷᠠᠯ ᠠᠴᠠ᠂ ᠡᠨᠡ ᠵᠢᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠤᠨ ᠠᠵᠤ ᠠᠬᠤᠢ ᠶᠢ ᠠᠳᠬᠤᠵᠤ᠂ ᠠᠵᠤ ᠠᠬᠤᠢ ᠶᠢᠨ ᠳᠡᠭᠡᠭᠰᠢᠯᠡᠯᠲᠡ ᠶᠢᠨ ᠰᠠᠶᠢᠵᠢᠷᠠᠯᠲᠠ ᠶᠢᠨ ᠪᠠᠶᠢᠳᠠᠯ ᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠠᠵᠢᠯᠯᠠᠭᠠᠨ ᠤ ᠳᠤᠮᠳᠠ ᠢᠳᠡᠪᠬᠢᠲᠡᠢ ᠬᠦᠴᠦᠨ ᠵᠦᠢᠯ ᠨᠡᠮᠡᠭᠳᠡᠵᠦ᠂ ᠬᠥᠳᠡᠯᠭᠡᠬᠦ ᠬᠦᠴᠦᠨ ᠦᠷᠭᠦᠯᠵᠢᠯᠡᠨ ᠴᠢᠩᠭᠠᠷᠠᠵᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠵᠤ᠂ ᠨᠡᠮᠡᠭᠳᠡᠯ ᠨᠢ ᠨᠡᠯᠢᠶᠡᠳ ᠲᠦᠷᠭᠡᠨ᠂ ᠪᠦᠲᠦᠴᠡ ᠨᠢ ᠰᠢᠯᠢᠳᠡᠭᠵᠢᠭᠰᠡᠨ ᠂ ᠶᠠᠰᠤ ᠴᠢᠨᠠᠷ ᠦᠷ᠎ᠡ ᠠᠰᠢᠭ ᠨᠢ ᠰᠠᠶᠢᠵᠢᠷᠠᠭᠰᠠᠨ ᠣᠨᠴᠠᠯᠢᠭ ᠢᠯᠡᠷᠡᠵᠦ᠂ ᠠᠵᠤ ᠠᠬᠤᠢ ᠰᠠᠶᠢᠨ ᠡᠬᠢᠯᠡᠯᠲᠡ ᠲᠠᠢ ᠪᠣᠯᠪᠠ᠃    ᠬᠤᠷᠠᠯ ᠠᠴᠠ ᠵᠢᠭᠠᠬᠤ ᠳᠤ ᠪᠠᠨ᠂ ᠠᠵᠤ ᠠᠬᠤᠢ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠬᠠᠨᠳᠤᠰᠢ ᠨᠢ ᠮᠥᠨ ᠬᠦ ᠮᠠᠰᠢ ᠣᠯᠠᠨ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠂ ᠭᠤᠣᠯᠳᠠᠭᠤ ᠪᠦᠲᠦᠮᠵᠢᠲᠡᠢ ᠬᠡᠷᠡᠭᠴᠡᠭᠡ ᠮᠥᠨ ᠬᠦ ᠬᠦᠷᠦᠯᠴᠡᠬᠦ ᠦᠭᠡᠢ ᠪᠠᠶᠢᠨ᠎ᠠ᠂ ᠠᠵᠤ ᠠᠬᠤᠶᠢᠯᠠᠯ ᠤᠨ ᠡᠵᠡᠩᠨᠡᠯᠲᠡ ᠶᠢᠨ ᠳᠠᠷᠤᠯᠲᠠ ᠨᠡᠯᠢᠶᠡᠳ ᠶᠡᠭᠡ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠳᠠᠯᠳᠠ ᠭᠡᠮ ᠨᠡᠯᠢᠶᠡᠳ ᠣᠯᠠᠨ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠰᠠᠭᠠᠳ ᠦᠭᠡᠢ ᠨᠡᠪᠲᠡᠷᠡᠬᠦ ᠦᠭᠡᠢ᠂ ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ᠂ ᠬᠠᠲᠠᠭᠤ ᠴᠢᠩᠭ᠎ᠠ ᠴᠢᠨᠠᠷ᠂ ᠲᠣᠭᠲᠠᠭᠠᠯᠲᠤ ᠪᠤᠰᠤ ᠴᠢᠨᠠᠷ ᠢᠯᠡᠳᠲᠡ ᠳᠡᠭᠡᠭᠰᠢᠯᠡᠪᠡ᠃ ᠡᠭᠦᠨ ᠤ ᠬᠠᠮᠲᠤ᠂ ᠮᠠᠨ ᠤ ᠤᠯᠤᠰ ᠤᠨ ᠠᠵᠤ ᠠᠬᠤᠢ ᠶᠢᠨ ᠰᠠᠭᠤᠷᠢ ᠲᠣᠭᠲᠠᠭᠤᠨ᠂ ᠳᠠᠪᠠᠭᠤᠯᠢᠭ ᠤᠯᠠᠨ᠂ ᠤᠶᠠᠨ ᠬᠠᠳᠠᠨ ᠴᠢᠨᠠᠷ ᠢᠶᠠᠷ ᠴᠢᠩᠭ᠎ᠠ᠂ ᠳᠠᠯᠳᠠ ᠴᠢᠳᠠᠪᠤᠷᠢ ᠶᠡᠭᠡ᠂ ᠡᠬᠢᠯᠡᠯᠲᠡ ᠨᠢ ᠰᠠᠶᠢᠨ᠂ ᠳᠡᠭᠡᠭᠰᠢᠯᠡᠵᠦ ᠰᠠᠶᠢᠵᠢᠷᠠᠬᠤ ᠪᠣᠯ ᠣᠳᠣᠬᠠᠨ ᠤ ᠠᠵᠤ ᠠᠬᠤᠢ ᠶᠢᠨ ᠠᠵᠢᠯᠯᠠᠭᠠᠨ ᠤ ᠦᠨᠳᠦᠰᠦᠨ ᠣᠨᠴᠠᠯᠢᠭ ᠪᠠ ᠬᠠᠨᠳᠤᠰᠢ ᠮᠥᠨ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠢᠶᠠᠨ ᠨᠡᠮᠡᠭᠳᠡᠭᠦᠯᠬᠦ ᠬᠡᠷᠡᠭᠲᠡᠢ᠃    ᠬᠤᠷᠠᠯ ᠠᠴᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠳᠡᠭᠡᠭᠰᠢᠯᠡᠵᠦ ᠰᠠᠶᠢᠵᠢᠷᠠᠬᠤ ᠪᠠᠶᠢᠳᠠᠯ ᠢ ᠦᠨᠡᠨᠬᠦ ᠪᠠᠬᠢᠵᠢᠭᠦᠯᠦᠨ ᠴᠢᠩᠭᠠᠳᠬᠠᠬᠤ ᠬᠡᠷᠡᠭᠲᠡᠢ     ᠬᠤᠷᠠᠯ ᠠᠴᠠ᠂ ᠨᠢᠭᠡᠨᠲᠡ ᠲᠣᠭᠲᠠᠭᠠᠭᠰᠠᠨ ᠬᠤᠷᠸ᠎ᠠ ᠲᠥᠷᠥ ᠶᠢᠨ ᠪᠣᠳᠣᠯᠭ᠎ᠠ ᠶᠢ ᠤᠷᠢᠳᠴᠢᠯᠠᠨ ᠬᠦᠴᠦᠯᠡᠵᠦ ᠪᠦᠲᠦᠮᠵᠢᠲᠡᠢ ᠨᠠᠶᠢᠳᠠᠪᠤᠷᠢᠵᠢᠭᠤᠯᠵᠤ᠂ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠣᠯᠤᠨ ᠲᠣᠭᠲᠠᠭᠤᠨ ᠵᠣᠭᠤᠰᠣᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢ ᠡᠷᠲᠡᠬᠡᠨ ᠲᠠᠷᠬᠠᠭᠠᠬᠤ ᠶᠢᠨ ᠬᠠᠮᠲᠤ ᠰᠠᠶᠢᠲᠤᠷ ᠬᠡᠷᠡᠭᠯᠡᠵᠦ᠂ ᠲᠤᠰᠬᠠᠢ ᠵᠦᠢᠯ ᠤᠨ ᠵᠢᠭᠡᠯᠡᠯᠭᠡ ᠶᠢ ᠲᠠᠷᠬᠠᠭᠠᠵᠤ ᠬᠡᠷᠡᠭᠯᠡᠬᠦ ᠠᠬᠢᠴᠠ ᠶᠢ ᠲᠦᠷᠭᠡᠳᠬᠡᠨ᠂ ᠴᠢᠬᠤᠯᠠ ᠪᠦᠬᠦᠢ ᠡᠳ᠋ ᠤᠨ ᠵᠠᠰᠠᠭ ᠤᠨ ᠵᠠᠷᠤᠯᠭ᠎ᠠ ᠶᠢᠨ ᠡᠷᠴᠢᠮ ᠢ ᠪᠠᠲᠤᠯᠠᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾᠎ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠵᠠᠷᠤᠴᠠᠭᠤᠯᠬᠤ ᠬᠡᠷᠡᠭᠲᠡᠢ᠃ ᠬᠦᠦ ᠶᠢᠨ ᠨᠣᠷᠮ᠎ᠠ ᠪᠣᠯᠤᠨ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠣᠷᠮ᠎ᠠ ᠵᠡᠷᠭᠡ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠠᠮᠢᠳᠤᠯᠢᠭ ᠢᠶᠠᠷ ᠬᠡᠷᠡᠭᠯᠡᠨ᠂ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ᠂ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠢ᠃ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠵᠢᠱᠢᠭᠰᠡᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠢᠳᠡᠪᠬᠢᠲᠡᠢ ᠥᠷᠭᠡᠳᠬᠡᠵᠦ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠲᠥᠰᠦᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠨᠡᠩ ᠣᠯᠠᠨ ᠬᠡᠷᠡᠭᠯᠡᠭᠡᠨ ᠤ ᠪᠠᠶᠢᠳᠠᠯ ᠢ ᠡᠭᠦᠳᠴᠦ᠂ ᠠᠷᠠᠳ ᠣᠯᠠᠨ ᠤ ᠣᠯᠠᠨ ᠶᠠᠩᠵᠤᠴᠢᠯᠠᠭᠰᠠᠨ᠂ ᠴᠢᠨᠠᠷ ᠰᠠᠶᠢᠲᠠᠢ ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠬᠥᠮᠦᠨ ᠢᠶᠠᠷ ᠦᠨᠳᠦᠰᠦ ᠪᠣᠯᠭᠠᠬᠤ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠭᠦᠨᠵᠡᠭᠡᠢ ᠠᠬᠢᠭᠤᠯᠵᠤ᠂ ᠬᠡᠷᠡᠭᠯᠡᠭᠡ ᠪᠠ ᠪᠡᠯᠡ ᠣᠷᠣᠭᠤᠯᠤᠯᠲᠠ ᠶᠢᠨ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠰᠠᠶᠢᠲᠤᠷ ᠬᠡᠷᠡᠭᠵᠢᠭᠦᠯᠵᠦ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃     ᠬᠤᠷᠠᠯ ᠠᠴᠠ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠪᠠᠶᠢᠷᠢᠰᠢᠭᠤᠯᠤᠯᠲᠠ ᠶᠢ ᠴᠢᠩᠭᠠᠳᠬᠠᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠲᠡᠷᠢᠭᠦᠨ ᠤ ᠮᠡᠷᠭᠡᠵᠢᠯ ᠢ ᠬᠡᠷᠡᠭᠯᠡᠨ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠬᠡᠷᠡᠭᠲᠡᠢ᠃ ᠲᠦᠭᠰᠢᠭᠦᠷᠢᠲᠦ ᠪᠡᠯᠡ ᠣᠷᠣᠭᠤᠯᠤᠯᠲᠠ ᠶᠢ ᠢᠳᠡᠪᠬᠢᠲᠡᠢ ᠬᠥᠭᠵᠢᠭᠦᠯᠵᠦ᠂ ᠬᠦᠯᠢᠴᠡᠩᠭᠦᠢ ᠬᠥᠷᠥᠩᠭᠡ ᠶᠢ ᠪᠤᠵᠠᠭᠠᠶᠢᠷᠠᠭᠤᠯᠬᠤ ᠬᠡᠷᠡᠭᠲᠡᠢ᠃    ᠬᠤᠷᠠᠯ ᠠᠴᠠ᠂ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠵᠦ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠵᠠᠪᠰᠠᠷ ᠤᠨ ᠦᠢᠯᠡᠳᠬᠦᠨ ᠤ ᠠᠷᠠᠯᠵᠢᠶ᠎ᠠ᠂ ᠦᠢᠯᠡᠴᠢᠯᠡᠭᠡᠨ ᠤ ᠠᠷᠠᠯᠵᠢᠶ᠎ᠠ᠂ ᠲᠣᠭᠠᠴᠢᠯᠠᠭᠰᠠᠨ ᠠᠷᠠᠯᠵᠢᠶ᠎ᠠ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠭᠠᠳᠠᠭᠠᠳᠤ ᠭᠠᠷᠭᠠᠯᠲᠠ ᠶᠢ ᠢᠳᠡᠪᠬᠢᠲᠡᠢ ᠥᠷᠭᠡᠳᠬᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠶᠢᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠳᠡᠮᠵᠢᠵᠦ᠂ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃    ᠬᠤᠷᠠᠯ ᠠᠴᠠ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠦᠷᠭᠦᠯᠵᠢᠯᠡᠨ ᠰᠡᠷᠭᠡᠶᠢᠯᠡᠨ ᠠᠷᠢᠯᠭᠠᠬᠤ ᠬᠡᠷᠡᠭᠲᠡᠢ᠃ ᠬᠤᠲᠠ ᠶᠢᠨ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠦᠷᠭᠦᠯᠵᠢᠯᠡᠨ ᠪᠠᠷᠢᠮᠲᠠᠯᠠᠵᠤ᠂ ᠣᠷᠣᠨ ᠨᠤᠲᠤᠭ ᠤᠨ ᠵᠠᠰᠠᠭ ᠤᠨ ᠣᠷᠳᠣᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠡᠷ ᠪᠠᠶᠢᠰᠢᠩ ᠲᠤᠰᠢᠶᠠᠬᠤ ᠶᠢ ᠪᠠᠲᠤᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠭᠡᠷ ᠪᠠᠶᠢᠰᠢᠩ ᠬᠤᠳᠠᠯᠳᠤᠨ ᠠᠪᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢᠨ ᠰᠢᠨ᠎ᠡ ᠬᠤᠪᠢᠷᠠᠯᠲᠠ᠂ ᠠᠷᠠᠳ ᠣᠯᠠᠨ ᠤ ᠴᠢᠨᠠᠷ ᠰᠠᠶᠢᠲᠠᠢ ᠣᠷᠣᠨ ᠰᠠᠭᠤᠴᠠ ᠶᠢᠨ ᠲᠤᠬᠠᠢ ᠰᠢᠨ᠎ᠡ ᠬᠦᠰᠡᠯ ᠡᠷᠡᠮᠡᠯᠵᠡᠯ ᠲᠠᠢ ᠤᠶᠠᠯᠳᠤᠭᠤᠯᠤᠨ᠂ ᠦᠯᠡᠳᠡᠭᠡᠯ ᠭᠡᠷ ᠬᠥᠷᠥᠩᠭᠡ ᠶᠢ ᠰᠢᠩᠭᠡᠭᠡᠬᠦ ᠪᠠ ᠨᠡᠮᠡᠭᠳᠡᠯ ᠤᠨ ᠣᠷᠣᠨ ᠰᠠᠭᠤᠴᠠ ᠶᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠨ ᠰᠤᠳᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠱᠠᠯᠠᠪᠳᠠᠨ ᠪᠠᠶᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠲᠥᠰᠦᠯ ᠢ ᠭᠦᠨᠵᠡᠭᠡᠢ ᠬᠡᠷᠡᠭᠵᠢᠭᠦᠯᠵᠦ᠂ ᠥᠷᠢ ᠥᠭᠴᠡᠭᠡ ᠶᠢᠨ ᠠᠶᠤᠯ ᠲᠦᠭᠰᠢᠭᠦᠷᠢ ᠶᠡᠬᠡᠲᠡᠢ ᠮᠤᠵᠢ ᠣᠷᠣᠨ ᠪᠣᠯᠤᠨ ᠬᠤᠲᠠ ᠰᠢᠶᠠᠨ ᠤ ᠥᠷᠢ ᠥᠭᠴᠡᠭᠡ ᠶᠢ ᠦᠨᠡᠨ ᠬᠦ ᠪᠠᠭᠠᠰᠬᠠᠬᠤ ᠮᠥᠷᠲᠡᠭᠡᠨ ᠪᠠᠰᠠ ᠲᠣᠭᠲᠠᠭᠤᠨ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠳᠤᠮᠳᠠ ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠶᠤᠯ ᠢ ᠦᠷᠭᠦᠯᠵᠢᠯᠡᠨ ᠠᠬᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃    ᠬᠤᠷᠠᠯ ᠠᠴᠠ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠲᠥᠯᠥᠪᠯᠡᠭᠡ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠪᠠ ᠳᠠᠬᠢᠨ ᠡᠭᠦᠰᠴᠦ ᠪᠣᠯᠬᠤ ᠡᠨᠧᠷᠭᠢ ᠶᠢ ᠰᠢᠩᠭᠡᠭᠡᠨ ᠠᠪᠴᠤ ᠠᠰᠢᠭᠯᠠᠬᠤ ᠶᠢ ᠴᠢᠩᠭᠠᠳᠬᠠᠵᠤ᠂ ︽ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠠᠷᠪᠠᠨ ᠶᠡᠭᠡ ᠠᠵᠢᠯᠯᠠᠭ᠎ᠠ︾᠎ ᠶᠢ ᠦᠷᠭᠦᠯᠵᠢᠯᠡᠨ ᠬᠦᠴᠦᠲᠡᠢ ᠥᠷᠨᠢᠭᠦᠯᠵᠦ᠂ ᠬᠠᠶᠠᠭᠳᠠᠮᠠᠯ ᠬᠠᠭᠤᠴᠢᠨ ᠡᠳ᠋ ᠪᠣᠳᠠᠰ ᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃    ᠬᠤᠷᠠᠯ ᠠᠴᠠ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠶᠢ ᠲᠤᠪᠤᠶᠢᠯᠭᠠᠨ᠂ ᠳᠤᠮᠳᠠ ᠳᠣᠣᠷ᠎ᠠ ᠣᠷᠣᠯᠭ᠎ᠠ ᠲᠠᠢ ᠬᠥᠮᠦᠰ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠵᠦ ᠳᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠤᠯᠤᠰ ᠲᠥᠷᠥ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃     ᠬᠤᠷᠠᠯ ᠠᠴᠠ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠶᠢ ᠠᠬᠢᠭᠤᠯᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠪᠣᠯᠤᠨ᠎ᠠ᠃ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠭᠦᠨᠵᠡᠭᠡᠢ ᠣᠶᠢᠯᠠᠭᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠳᠤ ᠨᠡᠩ ᠶᠡᠭᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠤᠷᠢᠳᠠᠪᠠᠷ ᠵᠠᠮ ᠬᠠᠶᠢᠬᠤ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ᠂ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃    ᠬᠤᠷᠠᠯ ᠠᠴᠠ᠂ ᠨᠢᠭᠡ ᠴᠣᠭᠴᠠᠵᠢᠭᠤᠯᠬᠤ ᠪᠠ ᠴᠢᠨᠠᠷ ᠰᠠᠶᠢᠲᠠᠢ ᠬᠤᠶᠠᠷ ᠵᠠᠩᠭᠢᠯᠠᠭ᠎ᠠ ᠶᠢ ᠢᠮᠠᠭᠲᠠ ᠴᠢᠩᠭ᠎ᠠ ᠡᠵᠡᠮᠳᠡᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠬᠦᠴᠦᠯᠡᠨ ᠠᠬᠢᠭᠤᠯᠬᠤ ᠬᠡᠷᠡᠭᠲᠡᠢ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠰᠢᠪᠲᠤᠯᠬᠤ ᠶᠢ ᠲᠦᠷᠭᠡᠳᠬᠡᠵᠦ᠂ ᠤᠯᠠᠮᠵᠢᠯᠠᠯᠲᠤ ᠠᠵᠤ ᠦᠢᠯᠡᠰ ᠢ ᠳᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠩ ᠶᠡᠭᠡ ᠬᠡᠪᠴᠢᠶᠡᠨ ᠳᠤ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠬᠤᠯᠪᠣᠭᠠᠯᠠᠨ ᠪᠠᠶᠢᠭᠤᠯᠬᠤ ᠬᠡᠷᠡᠭᠲᠡᠢ᠃ ᠪᠠᠶᠢᠭᠤᠯᠤᠮᠵᠢ ᠲᠣᠭᠲᠠᠴᠠ ᠶᠢ ᠲᠦᠷᠭᠡᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠪᠠᠬᠢᠯᠡᠯᠲᠡ ᠶᠢ ᠡᠪᠳᠡᠵᠦ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠳᠡᠭᠡᠭᠰᠢᠯᠡᠭᠦᠯᠵᠦ᠂ ᠨᠢᠭᠡ ᠴᠣᠭᠴᠠᠵᠢᠭᠤᠯᠤᠨ ᠨᠡᠩ ᠭᠦᠨ ᠳᠠᠪᠬᠤᠷᠭ᠎ᠠ ᠨᠡᠩ ᠥᠷᠭᠡᠨ ᠬᠦᠷᠢᠶ᠎ᠡ ᠲᠡᠰᠢ ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠡᠩ ᠲᠡᠷᠢᠭᠦᠨ ᠳᠤ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠵᠣᠯᠭᠠᠭᠤᠯᠵᠤ᠂ ᠳᠡᠭᠡᠳᠦ ᠳᠡᠰ ᠳᠠᠪᠬᠤᠷᠭ᠎ᠠ ᠶᠢᠨ ᠬᠠᠮᠵᠢᠯᠴᠠᠨ ᠨᠡᠭᠡᠭᠡᠯᠲᠡ ᠬᠢᠬᠦ ᠶᠢ ᠢᠳᠡᠪᠬᠢᠲᠡᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠰᠢᠨ᠎ᠡ ᠳᠠᠪᠠᠭᠤᠯᠢᠭ ᠢ ᠪᠣᠢ ᠪᠣᠯᠭᠠᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠲᠤ ᠪᠠᠷ ᠬᠠᠮᠠᠭᠠᠯᠠᠵᠤ ᠬᠤᠯᠪᠣᠭᠠᠯᠠᠨ ᠵᠠᠰᠠᠬᠤ ᠪᠠ ᠣᠷᠣᠨ ᠪᠦᠰᠡ ᠶᠢᠨ ᠪᠣᠬᠢᠷᠲᠤᠯ ᠦᠭᠡᠢ ᠬᠥᠭᠵᠢᠯᠲᠡ ᠶᠢᠨ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠢ᠃ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠱᠠᠩᠬᠠᠢ ᠬᠤᠲᠠ ᠶᠢᠨ ᠬᠢᠨ ᠳᠠᠶᠢᠴᠢᠯᠠᠬᠤ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ᠂ ᠵᠢᠶᠠᠩᠰᠦ᠂ ᠵᠧᠵᠢᠶᠠᠩ᠂ ᠠᠨᠾᠦ᠋ᠢ ᠭᠤᠷᠪᠠᠨ ᠮᠤᠵᠢ ᠶᠢᠨ ᠬᠢᠨ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号