︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ︽ᠲᠦᠭ ᠲᠦᠮᠡᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠲᠤ ᠢᠳᠡᠪᠬᠢᠲᠡᠢ ᠣᠷᠣᠯᠴᠠᠭᠤᠯᠤᠶ᠎ᠠ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2024/4/30
    ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 30᠎ ᠤ ᠴᠠᠬᠢᠯᠭᠠᠨ ᠮᠡᠳᠡᠭᠡ 5 ᠰᠠᠷ᠎ᠠ ᠶᠢᠨ 1᠎ ᠤ ᠡᠳᠦᠷ ᠬᠡᠪᠯᠡᠭᠳᠡᠭᠰᠡᠨ 9 ᠳ᠋ᠦᠭᠡᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠣᠬᠢᠶᠠᠯ ︽ᠲᠦᠭ ᠲᠦᠮᠡᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠲᠤ ᠢᠳᠡᠪᠬᠢᠲᠡᠢ ᠣᠷᠣᠯᠴᠠᠭᠤᠯᠤᠶ᠎ᠠ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃    ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠠᠵᠢᠯᠴᠢᠨ ᠠᠩᠭᠢ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠭᠤᠣᠯ ᠬᠦᠴᠦᠨ ᠤ ᠦᠢᠯᠡᠳᠦᠯ ᠢᠶᠠᠨ ᠪᠠᠳᠠᠷᠠᠭᠤᠯᠵᠤ᠂ ᠠᠵᠢᠯᠴᠢᠨ ᠤ ᠬᠥᠳᠡᠯᠭᠡᠭᠡᠨ ᠤ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠠᠵᠢᠯᠴᠢᠨ ᠤ ᠡᠪᠯᠡᠯ ᠤᠨ ᠠᠵᠢᠯ ᠪᠦᠬᠦ ᠲᠠᠯ᠎ᠠ ᠶᠢᠨ ᠳᠠᠪᠰᠢᠯᠲᠠ ᠶᠢ ᠪᠡᠶᠡᠯᠡᠭᠦᠯᠪᠡ᠃ ᠥᠷᠭᠡᠨ ᠣᠯᠠᠨ ᠠᠵᠢᠯᠲᠠᠨ ᠠᠵᠢᠯᠴᠢᠨ ᠨᠠᠮ ᠲᠠᠢ ᠰᠡᠳᠬᠢᠯ ᠨᠢᠭᠡᠳᠦᠨ᠂ ᠨᠠᠮ ᠢᠶᠠᠨ ᠳᠠᠭᠠᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠭᠠᠮᠰᠢᠭ ᠠᠴᠠ ᠠᠪᠤᠷᠠᠬᠤ ᠵᠡᠷᠭᠡ ᠴᠢᠬᠤᠯᠠ ᠶᠡᠭᠡ ᠠᠵᠢᠯ ᠤᠨ ᠳᠤᠮᠳᠠ᠂ ᠵᠣᠷᠢᠭᠲᠠᠢ ᠪᠠᠷ ᠬᠠᠲᠠᠭᠤ ᠳᠠᠶᠢᠯᠠᠯᠳᠤᠭᠠᠨ ᠬᠢᠬᠦ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠬᠦ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠪᠡ᠃    ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠵᠣᠬᠢᠶᠠᠯ ᠳᠤ ᠴᠢᠬᠤᠯᠠᠴᠢᠯᠠᠬᠤ ᠳᠠᠭᠠᠨ᠄ ᠨᠢᠭᠡᠳᠦᠭᠡᠷ ᠲᠤ᠂ ᠠᠵᠢᠯᠴᠢᠨ ᠤ ᠡᠪᠯᠡᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠦᠢᠯᠡᠰ ᠪᠣᠯ ᠨᠠᠮ ᠤᠨ ᠤᠳᠤᠷᠢᠳᠤᠯᠭ᠎ᠠ ᠳᠣᠣᠷ᠎ᠠ ᠬᠥᠭᠵᠢᠵᠦ᠂ ᠠᠵᠢᠯᠴᠢᠨ ᠤ ᠡᠪᠯᠡᠯ ᠪᠣᠯ ᠨᠠᠮ ᠤᠨ ᠤᠳᠤᠷᠢᠳᠤᠭᠰᠠᠨ ᠠᠵᠢᠯᠴᠢᠨ ᠠᠩᠭᠢ ᠶᠢᠨ ᠣᠯᠠᠨ ᠲᠦᠮᠡᠨ ᠤ ᠵᠣᠬᠢᠶᠠᠨ ᠪᠠᠶᠢᠭᠤᠯᠤᠯᠲᠠ ᠮᠥᠨ᠃ ᠠᠵᠢᠯᠴᠢᠨ ᠤ ᠡᠪᠯᠡᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠂ ᠶᠠᠮᠠᠷᠪᠠ ᠴᠠᠭ ᠦᠶ᠎ᠡ᠂ ᠶᠠᠮᠠᠷᠪᠠ ᠪᠠᠶᠢᠳᠠᠯ ᠤᠨ ᠳᠣᠣᠷ᠎ᠠ ᠭᠡᠳ ᠴᠥᠮ ᠭᠤᠶᠢᠪᠢᠯᠵᠠᠵᠤ ᠪᠣᠯᠬᠤ ᠦᠭᠡᠢ᠂ ᠬᠡᠯᠪᠠᠶᠢᠵᠦ ᠪᠣᠯᠬᠤ ᠦᠭᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠳᠤ ᠡᠷᠬᠡᠪᠰᠢ ᠠᠵᠢᠯᠴᠢᠨ ᠤ ᠡᠪᠯᠡᠯ ᠤᠨ ᠠᠵᠢᠯ ᠤᠨ ᠪᠦᠬᠦ ᠶᠠᠪᠤᠴᠠ ᠪᠠ ᠡᠯ᠎ᠡ ᠲᠠᠯ᠎ᠠ ᠳᠤ ᠪᠦᠬᠦ ᠲᠠᠯ᠎ᠠ ᠪᠠᠷ᠂ ᠪᠦᠲᠦᠮᠵᠢᠲᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠤᠯᠤᠰ ᠤᠨ ᠶᠡᠭᠡ ᠶᠠᠪᠤᠳᠠᠯ︾᠎ ᠢ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠠᠵᠢᠯᠴᠢᠨ ᠤ ᠡᠪᠯᠡᠯ ᠤᠨ ᠰᠢᠰᠲ᠋ᠧᠮ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠥᠷᠭᠡᠨ ᠣᠯᠠᠨ ᠠᠵᠢᠯᠲᠠᠨ ᠠᠵᠢᠯᠴᠢᠨ ᠢ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠬᠥᠮᠦᠵᠢᠭᠦᠯᠦᠨ ᠵᠢᠯᠣᠭᠤᠳᠬᠤ ᠬᠡᠷᠡᠭᠲᠡᠢ᠃ ᠬᠤᠶᠠᠳᠤᠭᠠᠷ ᠲᠤ᠂ ᠲᠦᠭ ᠲᠦᠮᠡᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠭᠤᠯᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠡᠷᠡᠭᠲᠡᠢ᠃ ᠠᠵᠢᠯᠴᠢᠨ ᠤ ᠡᠪᠯᠡᠯ ᠤᠨ ᠠᠵᠢᠯ ᠢ ᠶᠠᠷᠢᠬᠤ ᠳᠤ ᠲᠦᠭ ᠲᠦᠮᠡᠨ ᠵᠦᠢᠯ ᠪᠤᠢ᠂ ᠬᠠᠮᠤᠭ ᠤᠨ ᠦᠨᠳᠦᠰᠦᠨ ᠨᠢᠭᠡ ᠵᠦᠢᠯ ᠪᠣᠯ ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠢ ᠨᠠᠮ ᠤᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠶᠠᠪᠤᠳᠠᠯ ᠪᠣᠯᠤᠨ᠎ᠠ᠃ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠥᠷᠭᠡᠨ ᠣᠯᠠᠨ ᠠᠵᠢᠯᠲᠠᠨ ᠠᠵᠢᠯᠴᠢᠨ ᠣᠯᠠᠨ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠃ ᠭᠤᠷᠪᠠᠳᠤᠭᠠᠷ ᠲᠤ ᠂ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡᠨ ᠤ ᠠᠵᠢᠯ ᠢ ᠰᠡᠳᠬᠢᠯ ᠲᠠᠯᠪᠢᠨ ᠰᠠᠶᠢᠲᠤᠷ ᠬᠢᠬᠦ ᠬᠡᠷᠡᠭᠲᠡᠢ᠃ ᠪᠦᠬᠦ ᠠᠷᠠᠳ ᠲᠦᠮᠡᠨ ᠤ ᠬᠠᠮᠲᠤ ᠶᠢᠨ ᠴᠢᠨᠡᠭᠡᠯᠢᠭᠵᠢᠯ ᠤᠨ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠣᠯᠬᠤ ᠶᠢ ᠠᠬᠢᠭᠤᠯᠬᠤ ᠳᠤ᠂ ᠡᠩ ᠲᠡᠷᠢᠭᠦᠨ ᠳᠤ ᠲᠦᠭ ᠲᠦᠮᠡᠨ ᠬᠥᠳᠡᠯᠮᠦᠷᠢᠴᠢᠳ ᠤᠨ ᠪᠡᠶ᠎ᠡ ᠳᠡᠭᠡᠷ᠎ᠡ ᠢᠯᠡᠷᠡᠭᠦᠯᠬᠦ ᠬᠡᠷᠡᠭᠲᠡᠢ᠃ ᠠᠵᠢᠯᠴᠢᠨ ᠤ ᠡᠪᠯᠡᠯ ᠠᠵᠢᠯᠲᠠᠨ ᠠᠵᠢᠯᠴᠢᠨ ᠤ ᠠᠰᠢᠭ ᠲᠤᠰᠠ ᠶᠢᠨ ᠲᠥᠯᠥᠭᠡᠯᠡᠭᠴᠢ ᠪᠠ ᠬᠠᠮᠠᠭᠠᠯᠠᠭᠴᠢ ᠪᠣᠯᠤᠭᠰᠠᠨ ᠤ ᠬᠤᠪᠢ ᠳᠤ᠂ ᠠᠵᠢᠯᠲᠠᠨ ᠠᠵᠢᠯᠴᠢᠨ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠣᠳᠠᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠢᠯᠠᠩᠭᠤᠶ᠎ᠠ ᠠᠵᠢᠯ ᠣᠯᠭᠤᠯᠲᠠ ᠶᠢᠨ ᠰᠢᠨ᠎ᠡ ᠬᠡᠯᠪᠡᠷᠢ ᠶᠢᠨ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠬᠤ ᠶᠢ ᠴᠢᠬᠤᠯᠠᠴᠢᠯᠠᠬᠤ ᠬᠡᠷᠡᠭᠲᠡᠢ᠃ ᠠᠵᠢᠯᠲᠠᠨ ᠠᠵᠢᠯᠴᠢᠨ ᠢ ᠬᠥᠲᠥᠯᠥᠨ ᠵᠢᠯᠣᠭᠤᠳᠴᠤ ᠪᠠᠶᠢᠭᠠᠳ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠣᠶᠤᠨᠴᠢ ᠪᠠᠷ ᠡᠮᠬᠢ ᠵᠢᠷᠤᠮ ᠲᠠᠢ ᠪᠠᠷ ᠢᠯᠡᠳᠬᠡᠵᠦ᠂ ᠲᠤᠰ ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠨ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃    ᠵᠣᠬᠢᠶᠠᠯ ᠳᠤ᠂ ᠠᠵᠢᠯᠴᠢᠨ ᠤ ᠡᠪᠯᠡᠯ ᠪᠣᠯ ᠠᠵᠢᠯᠲᠠᠨ ᠤ ᠭᠡᠷ ᠮᠥᠨ᠂ ᠠᠵᠢᠯᠴᠢᠨ ᠤ ᠡᠪᠯᠡᠯ ᠤᠨ ᠺᠠᠳ᠋ᠷ ᠪᠣᠯ ᠠᠵᠢᠯᠲᠠᠨ ᠠᠵᠢᠯᠴᠢᠨ ᠤ ︽ᠲᠥᠷᠬᠦᠮ ᠤᠨ ᠬᠥᠮᠦᠨ︾ ᠮᠥᠨ᠃ ᠠᠵᠢᠯᠴᠢᠨ ᠤ ᠡᠪᠯᠡᠯ ᠤᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠣᠢ ᠪᠣᠯᠭᠠᠵᠤ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠬᠥᠲᠥᠯᠥᠨ ᠳᠠᠭᠠᠭᠤᠯᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠠᠵᠢᠯᠴᠢᠨ ᠤ ᠡᠪᠯᠡᠯ ᠪᠠ ᠠᠵᠢᠯᠴᠢᠨ ᠤ ᠡᠪᠯᠡᠯ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠠᠵᠢᠯᠴᠢᠨ ᠤ ᠡᠪᠯᠡᠯ ᠢ ᠢᠳᠡᠪᠬᠢᠲᠡᠢ ᠪᠠᠷ ᠬᠠᠪᠰᠤᠷᠴᠤ ᠪᠠᠶᠢᠭᠠᠳ ᠠᠵᠢᠯᠲᠠᠨ ᠠᠵᠢᠯᠴᠢᠨ ᠣᠯᠠᠨ ᠲᠦᠮᠡᠨ ᠤ ᠪᠣᠳᠠᠲᠠᠢ ᠬᠦᠴᠢᠷᠳᠡᠯ ᠪᠣᠯᠤᠨ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号