ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 30 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶ᠎ᠠ 4 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ᠂ ᠡᠨᠡ ᠵᠢᠯ ᠤᠨ 7 ᠰᠠᠷ᠎ᠠ ᠳᠤ | ᠪᠡᠭᠡᠵᠢᠩ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠪᠠᠷ ᠲᠣᠭᠲᠠᠪᠠ᠂ ᠭᠤᠣᠯ ᠵᠥᠪᠯᠡᠬᠦ ᠵᠦᠢᠯ ᠭᠡᠪᠡᠯ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠠᠴᠠ ᠨᠠᠮ ᠤᠨ ᠲᠥᠪ ᠬᠤᠷᠢᠶ᠎ᠠ ᠳᠤ ᠠᠵᠢᠯ ᠢᠶᠠᠨ ᠮᠡᠳᠡᠭᠦᠯᠵᠦ᠂ | ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠭᠤᠣᠯᠳᠠᠯᠭ᠎ᠠ ᠲᠠᠢ ᠰᠤᠳᠤᠯᠤᠨ᠎ᠠ᠃ ᠬᠤᠷᠠᠯ ᠠᠴᠠ ᠣᠳᠣᠬᠠᠨ ᠤ ᠠᠵᠤ | ᠠᠬᠤᠢ ᠶᠢᠨ ᠪᠠᠶᠢᠳᠠᠯ ᠪᠣᠯᠤᠨ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠤ᠂ ︽ᠬᠥᠬᠡᠮᠥ᠋ᠷᠡᠨ ᠤ ᠭᠤᠷᠪᠠᠯᠵᠢᠨ | ᠬᠤᠶᠢᠭ ᠤᠨ ᠨᠢᠭᠡ ᠴᠣᠭᠴᠠᠵᠢᠭᠰᠠᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠭᠦᠨᠵᠡᠭᠡᠢ ᠠᠬᠢᠭᠤᠯᠬᠤ ᠲᠤᠬᠠᠢ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠰᠠᠨᠠᠯ︾ ᠢ ᠬᠢᠨᠠᠨ ᠵᠥᠪᠯᠡᠪᠡ᠃ | ᠬᠤᠷᠠᠯ ᠠᠴᠠ᠂ ᠥᠭᠡᠷᠡᠴᠢᠯᠡᠯᠲᠡ ᠨᠡᠭᠡᠭᠡᠯᠲᠡ ᠪᠣᠯ ᠨᠠᠮ ᠪᠣᠯᠤᠨ ᠠᠷᠠᠳ ᠲᠦᠮᠡᠨ ᠤ ᠦᠢᠯᠡᠰ ᠤᠨ ᠶᠡᠭᠡ ᠠᠯᠬᠤᠮ ᠢᠶᠠᠷ | ᠴᠠᠭ ᠦᠶ᠎ᠡ ᠶᠢ ᠬᠥᠭᠡᠭᠡᠵᠦ ᠭᠦᠢᠴᠡᠬᠦ ᠴᠢᠬᠤᠯᠠ ᠡᠷᠳᠡᠨᠢ ᠮᠥᠨ᠃ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭ᠎ᠠ | ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ | ᠬᠤᠭᠤᠴᠠᠭ᠎ᠠ ᠪᠣᠯᠤᠨ᠎ᠠ᠃ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠤᠨ ᠡᠮᠦᠨ᠎ᠡ᠂ ᠰᠢᠨ᠎ᠡ ᠨᠢᠬᠡᠨ | ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ | ᠠᠷᠠᠳ ᠣᠯᠠᠨ ᠤ ᠰᠢᠨ᠎ᠡ ᠬᠦᠢᠰᠠᠯ ᠡᠷᠡᠮᠡᠯᠵᠡᠯ ᠤᠨ ᠡᠮᠦᠨ᠎ᠡ᠂ ᠡᠷᠬᠡᠪᠰᠢ ᠣᠢᠭᠡᠷᠠᠴᠢᠯᠠᠯᠲᠠ ᠶᠢ ᠣᠢᠷᠭᠦᠯᠵᠢᠯᠠᠨ | ᠤᠷᠤᠭᠰᠢᠯᠠᠭᠤᠯᠬᠤ ᠬᠡᠷᠡᠭᠲᠡᠢ᠃ ᠡᠨᠡ ᠪᠣᠯ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠢᠭᠤᠯᠤᠯ ᠶᠢ | ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠳᠠ ᠶᠢᠨ ᠰᠢᠰᠲ᠋ᠧᠮ ᠪᠣᠯᠤᠨ ᠵᠠᠰᠠᠯᠳᠠ ᠶᠢᠨ ᠴᠢᠳᠠᠪᠦᠷᠢ ᠶᠢᠨ | ᠤᠳᠤᠬᠢᠴᠢᠯᠠᠯᠳᠠ ᠶᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠰᠢᠨ᠎ᠡ ᠬᠦᠭᠵᠢᠯᠲᠡ ᠶᠢᠨ | ᠤᠶᠢᠯᠠᠭᠠᠭᠳᠠᠬᠤᠨ ᠢ ᠳᠤᠭᠤᠰᠢᠯᠠᠭᠤᠯᠵᠤ᠂ ᠮᠠᠨ ᠤ ᠤᠯᠤᠰ ᠤᠨ ᠨᠡᠶᠢᠬᠡᠮ ᠤᠨ ᠭᠤᠣᠯ ᠵᠥᠷᠢᠴᠡᠯ ᠤᠨ ᠬᠤᠪᠢᠷᠠᠯᠳᠠ ᠳᠤ | ᠨᠡᠩ ᠰᠠᠶᠢᠲᠤᠷ ᠵᠣᠬᠢᠴᠡᠭᠰᠠᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠠᠷᠠᠳ ᠲᠦᠮᠡᠨ ᠢᠶᠠᠷ ᠭᠤᠣᠯ ᠪᠤᠯᠭᠠᠬᠤ ᠶᠢ | ᠪᠠᠷᠢᠮᠲᠠᠯᠠᠵᠤ᠂ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠳᠠ ᠶᠢᠨ ᠦᠷ᠎ᠡ ᠪᠦᠲᠦᠭᠡᠯ ᠢᠶᠠᠷ ᠪᠦᠬᠦ ᠠᠷᠠᠳ ᠲᠦᠮᠡᠨ ᠳᠤ | ᠨᠡᠩ ᠣᠯᠠᠨ ᠨᠡᠩ ᠭᠤᠣᠯᠴᠢ ᠪᠠᠷ ᠬᠦᠷᠲᠡᠭᠡᠬᠦ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠬᠦᠨᠳᠦ ᠶᠡᠭᠡ ᠠᠶᠤᠯ ᠲᠦᠭ᠌ᠰᠢᠭᠦᠷᠢ | ᠦᠷᠢᠰᠦᠯᠳᠦᠬᠡᠨ ᠢ ᠠᠷᠭᠠᠴᠠᠭᠠᠵᠤ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠳᠤᠭᠳᠠᠭᠤᠨ ᠢᠶᠠᠷ ᠠᠯᠤᠰ ᠢ | ᠵᠣᠷᠢᠭᠤᠯᠬᠤ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠬᠥᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠤ ᠶᠢᠨ | ᠴᠤᠭᠴᠠ ᠶᠢ ᠪᠠᠶᠢᠭᠤᠯᠬᠤ ᠶᠢ ᠠᠬᠢᠭᠤᠯᠬᠤ᠂ ᠡᠳᠦᠷ ᠢᠷᠡᠬᠦᠶ᠎ᠡ ᠰᠢᠷᠦᠬᠦᠰᠴᠦ ᠪᠠᠶᠢᠭ᠎ᠠ ᠣᠯᠠᠨ ᠤᠯᠤᠰ ᠤᠨ | ᠦᠷᠢᠰᠦᠯᠳᠦᠭᠡᠨ ᠤ ᠳᠤᠮᠳᠠ ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠲᠤ ᠪᠦᠬᠦ ᠨᠠᠮ ᠢᠶᠠᠷ ᠢᠶᠠᠨ ᠡᠷᠬᠡᠪᠰᠢ | ᠥᠭᠡᠷᠡᠴᠢᠯᠡᠯᠲᠡᠡ ᠶᠢ ᠤᠬᠠᠮᠰᠠᠷ ᠠᠴᠠ ᠪᠠᠨ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ ᠤᠯᠤᠰ ᠤᠨ ᠮᠠᠶᠢᠭ ᠤᠨ | ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠠᠢ ᠨᠢᠭᠲᠠ ᠤᠶᠠᠯᠳᠤᠭᠤᠯᠵᠤ ᠥᠭᠡᠷᠡᠴᠢᠯᠡᠯᠲᠡᠡ ᠶᠢ ᠤᠯᠠᠮ ᠨᠢᠭᠡ ᠠᠯᠬᠤᠮ | ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ | ᠬᠤᠷᠠᠯ ᠠᠴᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠮᠠᠷᠺᠰ ᠯᠧᠨᠢᠨ ᠤ ᠦᠵᠡᠯ᠂ ᠮᠠᠤ ᠽᠧ | ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ | ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ | ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠬᠥᠭ ᠠᠶᠠᠰ ᠢ ᠭᠦᠨᠵᠡᠭᠡᠢ ᠲᠤᠭᠤᠰᠢᠯᠠᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ | ᠴᠢᠯᠥᠭᠡᠯᠡᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠬᠦ ᠪᠠ ᠬᠥᠭᠵᠢᠭᠦᠯᠵᠦ᠂ ᠨᠡᠶᠢᠭᠡᠮ ᠤᠨ | ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠪᠠᠲᠤᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ | ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ | ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ | ᠵᠢᠯᠣᠭᠤᠳᠤᠮᠵᠢ ᠶᠢ ᠪᠣᠯᠭᠠᠵᠤ᠂ ᠨᠡᠶᠢᠭᠡᠮ ᠤᠨ ᠡᠷᠬᠡ ᠲᠡᠭᠰᠢ ᠲᠥᠪ ᠭᠤᠣᠯᠴᠢ ᠶᠢ ᠠᠬᠢᠭᠤᠯᠵᠤ᠂ ᠠᠷᠠᠳ ᠲᠦᠮᠡᠨ ᠤ ᠬᠡᠰᠢᠭ | ᠪᠤᠶᠠᠨ ᠢ ᠨᠡᠮᠡᠭᠳᠡᠭᠦᠯᠬᠦ ᠪᠠᠷ ᠭᠠᠷᠳᠠᠴᠠ ᠪᠠ ᠳᠤᠰᠤᠯᠳᠠ ᠪᠠᠨ ᠪᠣᠯᠭᠠᠵᠤ᠂ ᠰᠢᠰᠲ᠋ᠧᠮ ᠤᠨ ᠬᠤᠷᠠᠮᠳᠤᠯ ᠢ ᠨᠡᠩ | ᠴᠢᠬᠤᠯᠠᠴᠢᠯᠠᠵᠤ᠂ ᠭᠤᠣᠯᠳᠠᠯᠭ᠎ᠠ ᠶᠢ ᠲᠣᠪᠤᠶᠢᠯᠭᠠᠬᠤ ᠶᠢ ᠨᠡᠩ ᠴᠢᠬᠤᠯᠠᠴᠢᠯᠠᠵᠤ᠂ ᠥᠭᠡᠷᠡᠴᠢᠯᠡᠯᠲᠡ ᠶᠢᠨ ᠪᠣᠳᠠᠲᠤ ᠦᠷ᠎ᠡ | ᠠᠰᠢᠭ ᠢ ᠨᠡᠩ ᠴᠢᠬᠤᠯᠠᠴᠢᠯᠠᠵᠤ᠂ ᠦᠢᠯᠡᠳᠪᠦᠷᠢᠯᠡᠯ ᠤᠨ ᠬᠠᠷᠢᠴᠠᠭ᠎ᠠ ᠪᠣᠯᠤᠨ ᠦᠢᠯᠡᠳᠪᠦᠷᠢᠯᠡᠯ ᠤᠨ ᠬᠦᠴᠦᠨ᠂ ᠳᠠᠪᠬᠤᠷᠭ᠎ᠠ | ᠪᠣᠯᠤᠨ ᠠᠵᠤ ᠠᠬᠤᠢ ᠶᠢᠨ ᠰᠠᠭᠤᠷᠢ᠂ ᠤᠯᠤᠰ ᠤᠨ ᠵᠠᠰᠠᠯᠲᠠ ᠪᠣᠯᠤᠨ ᠨᠡᠶᠢᠭᠡᠮ ᠤᠨ ᠬᠥᠭᠵᠢᠯᠲᠡ ᠳᠤ ᠨᠡᠩ ᠰᠠᠶᠢᠨ | ᠵᠣᠬᠢᠴᠠᠯᠳᠤᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠪᠠ ᠪᠠᠶᠢᠭᠤᠯᠤᠯ ᠤᠨ ᠪᠠᠲᠤᠯᠠᠭ᠎ᠠ ᠬᠠᠩᠭᠠᠨ᠎ᠠ᠃ | ᠬᠤᠷᠠᠯ ᠠᠴᠠ᠂ ᠡᠨᠡ ᠵᠢᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠴᠢ ᠵᠣᠷᠢᠭ ᠢᠶᠠᠨ | ᠭᠦᠢᠴᠡᠳ ᠪᠠᠳᠠᠷᠠᠭᠤᠯᠤᠨ ᠠᠵᠤ ᠠᠬᠤᠢ ᠶᠢ ᠠᠳᠬᠤᠵᠤ᠂ ᠠᠵᠤ ᠠᠬᠤᠢ ᠶᠢᠨ ᠳᠡᠭᠡᠭᠰᠢᠯᠡᠯᠲᠡ ᠶᠢᠨ ᠰᠠᠶᠢᠵᠢᠷᠠᠯᠲᠠ ᠶᠢᠨ | ᠪᠠᠶᠢᠳᠠᠯ ᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠠᠵᠢᠯᠯᠠᠭᠠᠨ ᠤ ᠳᠤᠮᠳᠠ ᠢᠳᠡᠪᠬᠢᠲᠡᠢ ᠬᠦᠴᠦᠨ ᠵᠦᠢᠯ | ᠨᠡᠮᠡᠭᠳᠡᠵᠦ᠂ ᠬᠥᠳᠡᠯᠭᠡᠬᠦ ᠬᠦᠴᠦᠨ ᠦᠷᠭᠦᠯᠵᠢᠯᠡᠨ ᠴᠢᠩᠭᠠᠷᠠᠵᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠵᠤ᠂ ᠴᠢᠨᠠᠷ | ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠵᠤ᠂ ᠨᠡᠮᠡᠭᠳᠡᠯ ᠨᠢ ᠨᠡᠯᠢᠶᠡᠳ ᠲᠦᠷᠭᠡᠨ᠂ ᠪᠦᠲᠦᠴᠡ ᠨᠢ ᠰᠢᠯᠢᠳᠡᠭᠵᠢᠭᠰᠡᠨ | ᠂ ᠶᠠᠰᠤ ᠴᠢᠨᠠᠷ ᠦᠷ᠎ᠡ ᠠᠰᠢᠭ ᠨᠢ ᠰᠠᠶᠢᠵᠢᠷᠠᠭᠰᠠᠨ ᠣᠨᠴᠠᠯᠢᠭ ᠢᠯᠡᠷᠡᠵᠦ᠂ ᠠᠵᠤ ᠠᠬᠤᠢ ᠰᠠᠶᠢᠨ ᠡᠬᠢᠯᠡᠯᠲᠡ ᠲᠠᠢ ᠪᠣᠯᠪᠠ᠃ | ᠬᠤᠷᠠᠯ ᠠᠴᠠ ᠵᠢᠭᠠᠬᠤ ᠳᠤ ᠪᠠᠨ᠂ ᠠᠵᠤ ᠠᠬᠤᠢ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠬᠠᠨᠳᠤᠰᠢ ᠨᠢ ᠮᠥᠨ ᠬᠦ | ᠮᠠᠰᠢ ᠣᠯᠠᠨ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠂ ᠭᠤᠣᠯᠳᠠᠭᠤ ᠪᠦᠲᠦᠮᠵᠢᠲᠡᠢ ᠬᠡᠷᠡᠭᠴᠡᠭᠡ ᠮᠥᠨ ᠬᠦ ᠬᠦᠷᠦᠯᠴᠡᠬᠦ | ᠦᠭᠡᠢ ᠪᠠᠶᠢᠨ᠎ᠠ᠂ ᠠᠵᠤ ᠠᠬᠤᠶᠢᠯᠠᠯ ᠤᠨ ᠡᠵᠡᠩᠨᠡᠯᠲᠡ ᠶᠢᠨ ᠳᠠᠷᠤᠯᠲᠠ ᠨᠡᠯᠢᠶᠡᠳ ᠶᠡᠭᠡ᠂ ᠭᠤᠣᠯᠳᠠᠯᠭ᠎ᠠ ᠲᠠᠢ ᠬᠦᠷᠢᠶᠡᠨ ᠤ | ᠠᠶᠤᠯ ᠲᠦᠭᠰᠢᠭᠦᠷᠢ ᠶᠢᠨ ᠳᠠᠯᠳᠠ ᠭᠡᠮ ᠨᠡᠯᠢᠶᠡᠳ ᠣᠯᠠᠨ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠰᠠᠭᠠᠳ ᠦᠭᠡᠢ | ᠨᠡᠪᠲᠡᠷᠡᠬᠦ ᠦᠭᠡᠢ᠂ ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ᠂ ᠬᠠᠲᠠᠭᠤ ᠴᠢᠩᠭ᠎ᠠ ᠴᠢᠨᠠᠷ᠂ | ᠲᠣᠭᠲᠠᠭᠠᠯᠲᠤ ᠪᠤᠰᠤ ᠴᠢᠨᠠᠷ ᠢᠯᠡᠳᠲᠡ ᠳᠡᠭᠡᠭᠰᠢᠯᠡᠪᠡ᠃ ᠡᠭᠦᠨ ᠤ ᠬᠠᠮᠲᠤ᠂ ᠮᠠᠨ ᠤ ᠤᠯᠤᠰ ᠤᠨ ᠠᠵᠤ ᠠᠬᠤᠢ ᠶᠢᠨ | ᠰᠠᠭᠤᠷᠢ ᠲᠣᠭᠲᠠᠭᠤᠨ᠂ ᠳᠠᠪᠠᠭᠤᠯᠢᠭ ᠤᠯᠠᠨ᠂ ᠤᠶᠠᠨ ᠬᠠᠳᠠᠨ ᠴᠢᠨᠠᠷ ᠢᠶᠠᠷ ᠴᠢᠩᠭ᠎ᠠ᠂ ᠳᠠᠯᠳᠠ ᠴᠢᠳᠠᠪᠤᠷᠢ ᠶᠡᠭᠡ᠂ | ᠡᠬᠢᠯᠡᠯᠲᠡ ᠨᠢ ᠰᠠᠶᠢᠨ᠂ ᠳᠡᠭᠡᠭᠰᠢᠯᠡᠵᠦ ᠰᠠᠶᠢᠵᠢᠷᠠᠬᠤ ᠪᠣᠯ ᠣᠳᠣᠬᠠᠨ ᠤ ᠠᠵᠤ ᠠᠬᠤᠢ ᠶᠢᠨ ᠠᠵᠢᠯᠯᠠᠭᠠᠨ ᠤ ᠦᠨᠳᠦᠰᠦᠨ | ᠣᠨᠴᠠᠯᠢᠭ ᠪᠠ ᠬᠠᠨᠳᠤᠰᠢ ᠮᠥᠨ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠢᠶᠠᠨ ᠨᠡᠮᠡᠭᠳᠡᠭᠦᠯᠬᠦ | ᠬᠡᠷᠡᠭᠲᠡᠢ᠃ | ᠬᠤᠷᠠᠯ ᠠᠴᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ | ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠬᠤ ᠶᠢ | ᠪᠠᠷᠢᠮᠲᠠᠯᠠᠵᠤ᠂ ᠠᠵᠤ ᠠᠬᠤᠢ ᠶᠢᠨ ᠳᠡᠭᠡᠭᠰᠢᠯᠡᠵᠦ ᠰᠠᠶᠢᠵᠢᠷᠠᠬᠤ ᠪᠠᠶᠢᠳᠠᠯ ᠢ ᠦᠨᠡᠨᠬᠦ ᠪᠠᠬᠢᠵᠢᠭᠦᠯᠦᠨ ᠴᠢᠩᠭᠠᠳᠬᠠᠬᠤ ᠬᠡᠷᠡᠭᠲᠡᠢ | ᠃ | ᠬᠤᠷᠠᠯ ᠠᠴᠠ᠂ ᠨᠢᠭᠡᠨᠲᠡ ᠲᠣᠭᠲᠠᠭᠠᠭᠰᠠᠨ ᠬᠤᠷᠸ᠎ᠠ ᠲᠥᠷᠥ ᠶᠢᠨ ᠪᠣᠳᠣᠯᠭ᠎ᠠ ᠶᠢ ᠤᠷᠢᠳᠴᠢᠯᠠᠨ ᠬᠦᠴᠦᠯᠡᠵᠦ | ᠪᠦᠲᠦᠮᠵᠢᠲᠡᠢ ᠨᠠᠶᠢᠳᠠᠪᠤᠷᠢᠵᠢᠭᠤᠯᠵᠤ᠂ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠣᠯᠤᠨ ᠲᠣᠭᠲᠠᠭᠤᠨ | ᠵᠣᠭᠤᠰᠣᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠤᠷᠲᠤ ᠬᠤᠭᠤᠴᠠᠭᠠᠨ ᠤ ᠣᠨᠴᠠᠭᠠᠢ | ᠤᠯᠤᠰ ᠤᠨ ᠵᠢᠭᠡᠯᠡᠯᠭᠡ ᠶᠢ ᠡᠷᠲᠡᠬᠡᠨ ᠲᠠᠷᠬᠠᠭᠠᠬᠤ ᠶᠢᠨ ᠬᠠᠮᠲᠤ ᠰᠠᠶᠢᠲᠤᠷ ᠬᠡᠷᠡᠭᠯᠡᠵᠦ᠂ ᠲᠤᠰᠬᠠᠢ ᠵᠦᠢᠯ ᠤᠨ ᠵᠢᠭᠡᠯᠡᠯᠭᠡ ᠶᠢ | ᠲᠠᠷᠬᠠᠭᠠᠵᠤ ᠬᠡᠷᠡᠭᠯᠡᠬᠦ ᠠᠬᠢᠴᠠ ᠶᠢ ᠲᠦᠷᠭᠡᠳᠬᠡᠨ᠂ ᠴᠢᠬᠤᠯᠠ ᠪᠦᠬᠦᠢ ᠡᠳ᠋ ᠤᠨ ᠵᠠᠰᠠᠭ ᠤᠨ ᠵᠠᠷᠤᠯᠭ᠎ᠠ ᠶᠢᠨ ᠡᠷᠴᠢᠮ ᠢ | ᠪᠠᠲᠤᠯᠠᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠶᠢ ᠴᠠᠭ ᠲᠤᠬᠠᠢ ᠳᠤᠨᠢ ᠲᠤᠭ᠎ᠠ ᠶᠣᠰᠣᠭᠠᠷ | ᠵᠠᠷᠤᠴᠠᠭᠤᠯᠬᠤ ᠬᠡᠷᠡᠭᠲᠡᠢ᠃ ᠬᠦᠦ ᠶᠢᠨ ᠨᠣᠷᠮ᠎ᠠ ᠪᠣᠯᠤᠨ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠣᠷᠮ᠎ᠠ ᠵᠡᠷᠭᠡ | ᠲᠥᠷᠥ ᠶᠢᠨ ᠪᠣᠳᠣᠯᠭ᠎ᠠ ᠶᠢᠨ ᠪᠠᠭᠠᠵᠢ ᠶᠢ ᠠᠮᠢᠳᠤᠯᠢᠭ ᠢᠶᠠᠷ ᠬᠡᠷᠡᠭᠯᠡᠨ᠂ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ | ᠡᠷᠴᠢᠮ ᠢᠶᠠᠨ ᠨᠡᠮᠡᠭᠳᠡᠭᠦᠯᠵᠦ᠂ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ | ᠪᠠᠭᠤᠷᠠᠭᠤᠯᠬᠤ ᠬᠡᠷᠡᠭᠲᠡᠢ᠃ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠦᠨᠡᠯᠡᠨ ᠵᠢᠱᠢᠬᠦ | ᠠᠵᠢᠯ ᠢ ᠰᠠᠶᠢᠲᠤᠷ ᠬᠢᠵᠦ᠂ ᠵᠢᠱᠢᠭᠰᠡᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠢᠳᠡᠪᠬᠢᠲᠡᠢ ᠥᠷᠭᠡᠳᠬᠡᠵᠦ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ | ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠲᠥᠰᠦᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ | ᠨᠡᠩ ᠣᠯᠠᠨ ᠬᠡᠷᠡᠭᠯᠡᠭᠡᠨ ᠤ ᠪᠠᠶᠢᠳᠠᠯ ᠢ ᠡᠭᠦᠳᠴᠦ᠂ ᠠᠷᠠᠳ ᠣᠯᠠᠨ ᠤ ᠣᠯᠠᠨ ᠶᠠᠩᠵᠤᠴᠢᠯᠠᠭᠰᠠᠨ᠂ ᠴᠢᠨᠠᠷ ᠰᠠᠶᠢᠲᠠᠢ | ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠬᠥᠮᠦᠨ ᠢᠶᠠᠷ ᠦᠨᠳᠦᠰᠦ ᠪᠣᠯᠭᠠᠬᠤ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠭᠦᠨᠵᠡᠭᠡᠢ ᠠᠬᠢᠭᠤᠯᠵᠤ᠂ ᠬᠡᠷᠡᠭᠯᠡᠭᠡ ᠪᠠ ᠪᠡᠯᠡ ᠣᠷᠣᠭᠤᠯᠤᠯᠲᠠ ᠶᠢᠨ ᠳᠠᠯᠳᠠ | ᠬᠦᠴᠦᠨ ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ | ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠰᠠᠶᠢᠲᠤᠷ ᠬᠡᠷᠡᠭᠵᠢᠭᠦᠯᠵᠦ᠂ ᠠᠷᠠᠳ ᠤᠨ ᠪᠡᠯᠡ ᠣᠷᠣᠭᠤᠯᠤᠯᠲᠠ ᠶᠢᠨ | ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ | ᠬᠤᠷᠠᠯ ᠠᠴᠠ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠨ ᠤ ᠪᠠᠶᠢᠷᠢᠰᠢᠭᠤᠯᠤᠯᠲᠠ ᠶᠢ ᠴᠢᠩᠭᠠᠳᠬᠠᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠤᠨ ᠪᠦᠲᠦᠭᠡᠨ | ᠪᠠᠶᠢᠭᠤᠯᠵᠤ᠂ ᠲᠡᠷᠢᠭᠦᠨ ᠤ ᠮᠡᠷᠭᠡᠵᠢᠯ ᠢ ᠬᠡᠷᠡᠭᠯᠡᠨ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠭᠦᠯᠬᠦ ᠬᠡᠷᠡᠭᠲᠡᠢ᠃ ᠲᠦᠭᠰᠢᠭᠦᠷᠢᠲᠦ ᠪᠡᠯᠡ ᠣᠷᠣᠭᠤᠯᠤᠯᠲᠠ ᠶᠢ ᠢᠳᠡᠪᠬᠢᠲᠡᠢ ᠬᠥᠭᠵᠢᠭᠦᠯᠵᠦ᠂ ᠬᠦᠯᠢᠴᠡᠩᠭᠦᠢ | ᠬᠥᠷᠥᠩᠭᠡ ᠶᠢ ᠪᠤᠵᠠᠭᠠᠶᠢᠷᠠᠭᠤᠯᠬᠤ ᠬᠡᠷᠡᠭᠲᠡᠢ᠃ | ᠬᠤᠷᠠᠯ ᠠᠴᠠ᠂ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠵᠦ᠂ | ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ | ᠰᠠᠭᠤᠷᠢ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠵᠠᠪᠰᠠᠷ ᠤᠨ ᠦᠢᠯᠡᠳᠬᠦᠨ ᠤ ᠠᠷᠠᠯᠵᠢᠶ᠎ᠠ᠂ ᠦᠢᠯᠡᠴᠢᠯᠡᠭᠡᠨ ᠤ | ᠠᠷᠠᠯᠵᠢᠶ᠎ᠠ᠂ ᠲᠣᠭᠠᠴᠢᠯᠠᠭᠰᠠᠨ ᠠᠷᠠᠯᠵᠢᠶ᠎ᠠ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠭᠠᠳᠠᠭᠠᠳᠤ | ᠭᠠᠷᠭᠠᠯᠲᠠ ᠶᠢ ᠢᠳᠡᠪᠬᠢᠲᠡᠢ ᠥᠷᠭᠡᠳᠬᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠶᠢᠨ ᠵᠠᠬ᠎ᠠ | ᠳᠡᠯᠭᠡᠭᠦᠷ ᠢᠶᠠᠨ ᠥᠷᠭᠡᠳᠬᠡᠬᠦ ᠶᠢ ᠳᠡᠮᠵᠢᠵᠦ᠂ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ᠃ | ᠬᠤᠷᠠᠯ ᠠᠴᠠ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠦᠷᠭᠦᠯᠵᠢᠯᠡᠨ ᠰᠡᠷᠭᠡᠶᠢᠯᠡᠨ ᠠᠷᠢᠯᠭᠠᠬᠤ | ᠬᠡᠷᠡᠭᠲᠡᠢ᠃ ᠬᠤᠲᠠ ᠶᠢᠨ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠦᠷᠭᠦᠯᠵᠢᠯᠡᠨ ᠪᠠᠷᠢᠮᠲᠠᠯᠠᠵᠤ᠂ | ᠣᠷᠣᠨ ᠨᠤᠲᠤᠭ ᠤᠨ ᠵᠠᠰᠠᠭ ᠤᠨ ᠣᠷᠳᠣᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠡᠷ ᠪᠠᠶᠢᠰᠢᠩ | ᠲᠤᠰᠢᠶᠠᠬᠤ ᠶᠢ ᠪᠠᠲᠤᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠭᠡᠷ ᠪᠠᠶᠢᠰᠢᠩ ᠬᠤᠳᠠᠯᠳᠤᠨ ᠠᠪᠤᠭᠴᠢᠳ ᠤᠨ ᠬᠠᠤᠯᠢ | ᠶᠣᠰᠣᠨ ᠤ ᠡᠷᠬᠡ ᠠᠰᠢᠭ ᠢ ᠪᠠᠲᠤᠯᠠᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ | ᠬᠡᠷᠡᠭᠴᠡᠭᠡ ᠶᠢᠨ ᠬᠠᠷᠢᠴᠠᠭ᠎ᠠ ᠶᠢᠨ ᠰᠢᠨ᠎ᠡ ᠬᠤᠪᠢᠷᠠᠯᠲᠠ᠂ ᠠᠷᠠᠳ ᠣᠯᠠᠨ ᠤ ᠴᠢᠨᠠᠷ ᠰᠠᠶᠢᠲᠠᠢ ᠣᠷᠣᠨ ᠰᠠᠭᠤᠴᠠ ᠶᠢᠨ | ᠲᠤᠬᠠᠢ ᠰᠢᠨ᠎ᠡ ᠬᠦᠰᠡᠯ ᠡᠷᠡᠮᠡᠯᠵᠡᠯ ᠲᠠᠢ ᠤᠶᠠᠯᠳᠤᠭᠤᠯᠤᠨ᠂ ᠦᠯᠡᠳᠡᠭᠡᠯ ᠭᠡᠷ ᠬᠥᠷᠥᠩᠭᠡ ᠶᠢ ᠰᠢᠩᠭᠡᠭᠡᠬᠦ ᠪᠠ ᠨᠡᠮᠡᠭᠳᠡᠯ ᠤᠨ | ᠣᠷᠣᠨ ᠰᠠᠭᠤᠴᠠ ᠶᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠨ | ᠰᠤᠳᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠱᠠᠯᠠᠪᠳᠠᠨ ᠪᠠᠶᠢᠭᠤᠯᠵᠤ᠂ ᠭᠡᠷ | ᠪᠠᠶᠢᠰᠢᠩ ᠭᠠᠵᠠᠷ ᠬᠥᠷᠥᠩᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠷᠣᠨ ᠨᠤᠲᠤᠭ ᠤᠨ | ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠲᠥᠰᠦᠯ ᠢ ᠭᠦᠨᠵᠡᠭᠡᠢ ᠬᠡᠷᠡᠭᠵᠢᠭᠦᠯᠵᠦ᠂ | ᠥᠷᠢ ᠥᠭᠴᠡᠭᠡ ᠶᠢᠨ ᠠᠶᠤᠯ ᠲᠦᠭᠰᠢᠭᠦᠷᠢ ᠶᠡᠬᠡᠲᠡᠢ ᠮᠤᠵᠢ ᠣᠷᠣᠨ ᠪᠣᠯᠤᠨ ᠬᠤᠲᠠ ᠰᠢᠶᠠᠨ ᠤ ᠥᠷᠢ ᠥᠭᠴᠡᠭᠡ ᠶᠢ | ᠦᠨᠡᠨ ᠬᠦ ᠪᠠᠭᠠᠰᠬᠠᠬᠤ ᠮᠥᠷᠲᠡᠭᠡᠨ ᠪᠠᠰᠠ ᠲᠣᠭᠲᠠᠭᠤᠨ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠳᠤᠮᠳᠠ | ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠶᠤᠯ ᠢ ᠦᠷᠭᠦᠯᠵᠢᠯᠡᠨ ᠠᠬᠢᠭᠤᠯᠵᠤ᠂ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠬᠡᠷᠡᠭᠲᠡᠢ᠃ | ᠬᠤᠷᠠᠯ ᠠᠴᠠ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ᠃ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠲᠥᠯᠥᠪᠯᠡᠭᠡ ᠶᠢ ᠨᠠᠷᠢᠨ ᠬᠢᠨᠠᠮᠠᠭᠠᠢ | ᠬᠡᠷᠡᠭᠵᠢᠭᠦᠯᠵᠦ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠪᠠ ᠳᠠᠬᠢᠨ ᠡᠭᠦᠰᠴᠦ ᠪᠣᠯᠬᠤ | ᠡᠨᠧᠷᠭᠢ ᠶᠢ ᠰᠢᠩᠭᠡᠭᠡᠨ ᠠᠪᠴᠤ ᠠᠰᠢᠭᠯᠠᠬᠤ ᠶᠢ ᠴᠢᠩᠭᠠᠳᠬᠠᠵᠤ᠂ ︽ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ | ᠠᠷᠪᠠᠨ ᠶᠡᠭᠡ ᠠᠵᠢᠯᠯᠠᠭ᠎ᠠ︾ ᠶᠢ ᠦᠷᠭᠦᠯᠵᠢᠯᠡᠨ ᠬᠦᠴᠦᠲᠡᠢ ᠥᠷᠨᠢᠭᠦᠯᠵᠦ᠂ ᠬᠠᠶᠠᠭᠳᠠᠮᠠᠯ ᠬᠠᠭᠤᠴᠢᠨ ᠡᠳ᠋ ᠪᠣᠳᠠᠰ ᠢ | ᠡᠷᠭᠢᠯᠳᠦᠭᠦᠯᠦᠨ ᠠᠰᠢᠭᠯᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ | ᠬᠤᠷᠠᠯ ᠠᠴᠠ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠠᠵᠢᠯ ᠣᠯᠭᠤᠯᠲᠠ ᠶᠢ | ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠶᠢ ᠲᠤᠪᠤᠶᠢᠯᠭᠠᠨ᠂ ᠳᠤᠮᠳᠠ ᠳᠣᠣᠷ᠎ᠠ ᠣᠷᠣᠯᠭ᠎ᠠ ᠲᠠᠢ ᠬᠥᠮᠦᠰ ᠤᠨ | ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠬᠦ ᠬᠡᠷᠡᠭᠲᠡᠢ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠶᠤᠯᠭᠦᠢ | ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠲᠥᠬᠦᠭᠡᠷᠦᠮᠵᠢ ᠶᠢ ᠰᠢᠨᠡᠳᠬᠡᠨ | ᠥᠭᠡᠷᠡᠴᠢᠯᠡᠵᠦ ᠳᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠤᠯᠤᠰ ᠲᠥᠷᠥ ᠶᠢᠨ | ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ | ᠦᠭᠡᠢ ᠡᠭᠦᠳᠬᠦ ᠬᠡᠷᠡᠭᠲᠡᠢ᠃ | ᠬᠤᠷᠠᠯ ᠠᠴᠠ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠶᠢ | ᠠᠬᠢᠭᠤᠯᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠪᠣᠯᠤᠨ᠎ᠠ᠃ ᠨᠠᠮ ᠤᠨ ᠲᠥᠪ ᠬᠤᠷᠢᠶᠠᠨ ᠤ ᠪᠠᠶᠢᠯᠳᠤᠬᠤ | ᠪᠣᠳᠣᠯᠭ᠎ᠠ ᠶᠢᠨ ᠵᠣᠷᠢᠯᠲᠠ ᠶᠢ ᠭᠦᠨᠵᠡᠭᠡᠢ ᠣᠶᠢᠯᠠᠭᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ | ᠴᠣᠭᠴᠠᠵᠢᠭᠤᠯᠤᠭᠰᠠᠨ ᠬᠥᠭᠵᠢᠯᠲᠡ ᠳᠤ ᠨᠡᠩ ᠶᠡᠭᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠤᠷᠢᠳᠠᠪᠠᠷ ᠵᠠᠮ | ᠬᠠᠶᠢᠬᠤ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ᠂ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ | ᠪᠠᠳᠠᠷᠠᠭᠤᠯᠬᠤ ᠬᠡᠷᠡᠭᠲᠡᠢ᠃ | ᠬᠤᠷᠠᠯ ᠠᠴᠠ᠂ ᠨᠢᠭᠡ ᠴᠣᠭᠴᠠᠵᠢᠭᠤᠯᠬᠤ ᠪᠠ ᠴᠢᠨᠠᠷ ᠰᠠᠶᠢᠲᠠᠢ ᠬᠤᠶᠠᠷ ᠵᠠᠩᠭᠢᠯᠠᠭ᠎ᠠ ᠶᠢ ᠢᠮᠠᠭᠲᠠ ᠴᠢᠩᠭ᠎ᠠ ᠡᠵᠡᠮᠳᠡᠵᠦ᠂ | ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠶᠢ | ᠬᠦᠴᠦᠯᠡᠨ ᠠᠬᠢᠭᠤᠯᠬᠤ ᠬᠡᠷᠡᠭᠲᠡᠢ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠰᠢᠪᠲᠤᠯᠬᠤ ᠶᠢ ᠲᠦᠷᠭᠡᠳᠬᠡᠵᠦ᠂ | ᠤᠯᠠᠮᠵᠢᠯᠠᠯᠲᠤ ᠠᠵᠤ ᠦᠢᠯᠡᠰ ᠢ ᠳᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ᠂ | ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠩ ᠶᠡᠭᠡ | ᠬᠡᠪᠴᠢᠶᠡᠨ ᠳᠤ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠬᠤᠯᠪᠣᠭᠠᠯᠠᠨ | ᠪᠠᠶᠢᠭᠤᠯᠬᠤ ᠬᠡᠷᠡᠭᠲᠡᠢ᠃ ᠪᠠᠶᠢᠭᠤᠯᠤᠮᠵᠢ ᠲᠣᠭᠲᠠᠴᠠ ᠶᠢ ᠲᠦᠷᠭᠡᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠪᠠᠬᠢᠯᠡᠯᠲᠡ ᠶᠢ | ᠡᠪᠳᠡᠵᠦ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠳᠡᠭᠡᠭᠰᠢᠯᠡᠭᠦᠯᠵᠦ᠂ ᠨᠢᠭᠡ ᠴᠣᠭᠴᠠᠵᠢᠭᠤᠯᠤᠨ ᠨᠡᠩ ᠭᠦᠨ | ᠳᠠᠪᠬᠤᠷᠭ᠎ᠠ ᠨᠡᠩ ᠥᠷᠭᠡᠨ ᠬᠦᠷᠢᠶ᠎ᠡ ᠲᠡᠰᠢ ᠥᠷᠭᠡᠳᠬᠡᠬᠦ ᠶᠢ ᠠᠬᠢᠭᠤᠯᠬᠤ ᠬᠡᠷᠡᠭᠲᠡᠢ᠃ ᠡᠩ ᠲᠡᠷᠢᠭᠦᠨ ᠳᠤ ᠣᠯᠠᠨ | ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠵᠣᠯᠭᠠᠭᠤᠯᠵᠤ᠂ ᠳᠡᠭᠡᠳᠦ ᠳᠡᠰ | ᠳᠠᠪᠬᠤᠷᠭ᠎ᠠ ᠶᠢᠨ ᠬᠠᠮᠵᠢᠯᠴᠠᠨ ᠨᠡᠭᠡᠭᠡᠯᠲᠡ ᠬᠢᠬᠦ ᠶᠢ ᠢᠳᠡᠪᠬᠢᠲᠡᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ | ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠰᠢᠨ᠎ᠡ ᠳᠠᠪᠠᠭᠤᠯᠢᠭ ᠢ ᠪᠣᠢ ᠪᠣᠯᠭᠠᠬᠤ ᠬᠡᠷᠡᠭᠲᠡᠢ᠃ ᠬᠤᠷᠢᠭ᠎ᠠ ᠱᠤᠭᠤᠮ ᠤᠨ | ᠰᠡᠳᠬᠢᠬᠦᠢ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ | ᠣᠷᠴᠢᠨ ᠲᠣᠭᠤᠷᠢᠨ ᠤ ᠬᠠᠮᠲᠤ ᠪᠠᠷ ᠬᠠᠮᠠᠭᠠᠯᠠᠵᠤ ᠬᠤᠯᠪᠣᠭᠠᠯᠠᠨ ᠵᠠᠰᠠᠬᠤ ᠪᠠ ᠣᠷᠣᠨ ᠪᠦᠰᠡ ᠶᠢᠨ ᠪᠣᠬᠢᠷᠲᠤᠯ ᠦᠭᠡᠢ | ᠬᠥᠭᠵᠢᠯᠲᠡ ᠶᠢᠨ ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠢ᠃ ᠲᠥᠪ ᠤᠨ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ | ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ | ᠱᠠᠩᠬᠠᠢ ᠬᠤᠲᠠ ᠶᠢᠨ ᠬᠢᠨ ᠳᠠᠶᠢᠴᠢᠯᠠᠬᠤ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ᠂ ᠵᠢᠶᠠᠩᠰᠦ᠂ ᠵᠧᠵᠢᠶᠠᠩ᠂ | ᠠᠨᠾᠦ᠋ᠢ ᠭᠤᠷᠪᠠᠨ ᠮᠤᠵᠢ ᠶᠢᠨ ᠬᠢᠨ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠦᠴᠦᠷᠬᠡᠭ ᠶᠡᠭᠡ ᠠᠵᠢᠯ ᠤᠨ | ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠤᠯᠤᠭᠰᠠᠨ | ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |