ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 30 ᠤ ᠴᠠᠬᠢᠯᠭᠠᠨ ᠮᠡᠳᠡᠭᠡ 5 ᠰᠠᠷ᠎ᠠ ᠶᠢᠨ 1 ᠤ ᠡᠳᠦᠷ | ᠬᠡᠪᠯᠡᠭᠳᠡᠭᠰᠡᠨ 9 ᠳ᠋ᠦᠭᠡᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ | ᠴᠢᠬᠤᠯᠠ ᠵᠣᠬᠢᠶᠠᠯ ︽ᠲᠦᠭ ᠲᠦᠮᠡᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠲᠤ | ᠢᠳᠡᠪᠬᠢᠲᠡᠢ ᠣᠷᠣᠯᠴᠠᠭᠤᠯᠤᠶ᠎ᠠ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠠᠵᠢᠯᠴᠢᠨ ᠠᠩᠭᠢ ᠨᠠᠮ ᠪᠣᠯᠤᠨ ᠤᠯᠤᠰ ᠤᠨ ᠠᠵᠢᠯ | ᠦᠢᠯᠡᠰ ᠤᠨ ᠬᠥᠭᠵᠢᠯᠲᠡ ᠳᠤ ᠭᠤᠣᠯ ᠬᠦᠴᠦᠨ ᠤ ᠦᠢᠯᠡᠳᠦᠯ ᠢᠶᠠᠨ ᠪᠠᠳᠠᠷᠠᠭᠤᠯᠵᠤ᠂ ᠠᠵᠢᠯᠴᠢᠨ ᠤ ᠬᠥᠳᠡᠯᠭᠡᠭᠡᠨ ᠤ | ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠠᠵᠢᠯᠴᠢᠨ ᠤ ᠡᠪᠯᠡᠯ ᠤᠨ ᠠᠵᠢᠯ ᠪᠦᠬᠦ ᠲᠠᠯ᠎ᠠ ᠶᠢᠨ ᠳᠠᠪᠰᠢᠯᠲᠠ ᠶᠢ | ᠪᠡᠶᠡᠯᠡᠭᠦᠯᠪᠡ᠃ ᠥᠷᠭᠡᠨ ᠣᠯᠠᠨ ᠠᠵᠢᠯᠲᠠᠨ ᠠᠵᠢᠯᠴᠢᠨ ᠨᠠᠮ ᠲᠠᠢ ᠰᠡᠳᠬᠢᠯ ᠨᠢᠭᠡᠳᠦᠨ᠂ ᠨᠠᠮ ᠢᠶᠠᠨ ᠳᠠᠭᠠᠵᠤ᠂ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ᠂ ᠠᠶᠤᠯ ᠭᠠᠮᠰᠢᠭ ᠠᠴᠠ ᠠᠪᠤᠷᠠᠬᠤ ᠵᠡᠷᠭᠡ ᠴᠢᠬᠤᠯᠠ ᠶᠡᠭᠡ ᠠᠵᠢᠯ ᠤᠨ ᠳᠤᠮᠳᠠ᠂ ᠵᠣᠷᠢᠭᠲᠠᠢ ᠪᠠᠷ | ᠬᠠᠲᠠᠭᠤ ᠳᠠᠶᠢᠯᠠᠯᠳᠤᠭᠠᠨ ᠬᠢᠬᠦ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠬᠦ ᠴᠠᠭ ᠦᠶ᠎ᠡ ᠶᠢᠨ ᠴᠤᠭ ᠵᠢᠪᠬᠤᠭ᠎ᠠ ᠶᠢ | ᠢᠯᠡᠷᠡᠭᠦᠯᠪᠡ᠃ | ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠵᠣᠬᠢᠶᠠᠯ ᠳᠤ | ᠴᠢᠬᠤᠯᠠᠴᠢᠯᠠᠬᠤ ᠳᠠᠭᠠᠨ᠄ ᠨᠢᠭᠡᠳᠦᠭᠡᠷ ᠲᠤ᠂ ᠠᠵᠢᠯᠴᠢᠨ ᠤ ᠡᠪᠯᠡᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠬᠤ ᠬᠡᠷᠡᠭᠲᠡᠢ᠃ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠦᠢᠯᠡᠰ ᠪᠣᠯ ᠨᠠᠮ ᠤᠨ ᠤᠳᠤᠷᠢᠳᠤᠯᠭ᠎ᠠ | ᠳᠣᠣᠷ᠎ᠠ ᠬᠥᠭᠵᠢᠵᠦ᠂ ᠠᠵᠢᠯᠴᠢᠨ ᠤ ᠡᠪᠯᠡᠯ ᠪᠣᠯ ᠨᠠᠮ ᠤᠨ ᠤᠳᠤᠷᠢᠳᠤᠭᠰᠠᠨ ᠠᠵᠢᠯᠴᠢᠨ ᠠᠩᠭᠢ ᠶᠢᠨ ᠣᠯᠠᠨ ᠲᠦᠮᠡᠨ ᠤ | ᠵᠣᠬᠢᠶᠠᠨ ᠪᠠᠶᠢᠭᠤᠯᠤᠯᠲᠠ ᠮᠥᠨ᠃ ᠠᠵᠢᠯᠴᠢᠨ ᠤ ᠡᠪᠯᠡᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠬᠤ ᠬᠡᠷᠡᠭᠲᠡᠢ᠂ ᠶᠠᠮᠠᠷᠪᠠ ᠴᠠᠭ ᠦᠶ᠎ᠡ᠂ ᠶᠠᠮᠠᠷᠪᠠ ᠪᠠᠶᠢᠳᠠᠯ ᠤᠨ ᠳᠣᠣᠷ᠎ᠠ ᠭᠡᠳ ᠴᠥᠮ ᠭᠤᠶᠢᠪᠢᠯᠵᠠᠵᠤ ᠪᠣᠯᠬᠤ | ᠦᠭᠡᠢ᠂ ᠬᠡᠯᠪᠠᠶᠢᠵᠦ ᠪᠣᠯᠬᠤ ᠦᠭᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠳᠤ ᠡᠷᠬᠡᠪᠰᠢ ᠠᠵᠢᠯᠴᠢᠨ ᠤ ᠡᠪᠯᠡᠯ ᠤᠨ | ᠠᠵᠢᠯ ᠤᠨ ᠪᠦᠬᠦ ᠶᠠᠪᠤᠴᠠ ᠪᠠ ᠡᠯ᠎ᠡ ᠲᠠᠯ᠎ᠠ ᠳᠤ ᠪᠦᠬᠦ ᠲᠠᠯ᠎ᠠ ᠪᠠᠷ᠂ ᠪᠦᠲᠦᠮᠵᠢᠲᠡᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠬᠡᠷᠡᠭᠲᠡᠢ᠃ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ | ᠬᠠᠮᠠᠭᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠤᠯᠤᠰ ᠤᠨ ᠶᠡᠭᠡ | ᠶᠠᠪᠤᠳᠠᠯ︾ ᠢ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠠᠵᠢᠯᠴᠢᠨ ᠤ ᠡᠪᠯᠡᠯ ᠤᠨ ᠰᠢᠰᠲ᠋ᠧᠮ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠤᠯᠤᠰ | ᠲᠥᠷᠥ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠥᠷᠭᠡᠨ ᠣᠯᠠᠨ ᠠᠵᠢᠯᠲᠠᠨ ᠠᠵᠢᠯᠴᠢᠨ ᠢ ᠡᠷᠡᠰ ᠭᠤᠶᠢᠪᠢᠰᠢ ᠦᠭᠡᠢ ᠪᠠᠷ | ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠬᠥᠮᠦᠵᠢᠭᠦᠯᠦᠨ ᠵᠢᠯᠣᠭᠤᠳᠬᠤ ᠬᠡᠷᠡᠭᠲᠡᠢ᠃ ᠬᠤᠶᠠᠳᠤᠭᠠᠷ ᠲᠤ᠂ | ᠲᠦᠭ ᠲᠦᠮᠡᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠰᠢᠨ᠎ᠡ ᠠᠶᠠᠨ ᠳᠤ ᠡᠷᠡᠯᠬᠡᠭᠯᠡᠨ | ᠤᠷᠤᠭᠰᠢᠯᠠᠭᠤᠯᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠡᠷᠡᠭᠲᠡᠢ᠃ ᠠᠵᠢᠯᠴᠢᠨ ᠤ ᠡᠪᠯᠡᠯ ᠤᠨ ᠠᠵᠢᠯ ᠢ | ᠶᠠᠷᠢᠬᠤ ᠳᠤ ᠲᠦᠭ ᠲᠦᠮᠡᠨ ᠵᠦᠢᠯ ᠪᠤᠢ᠂ ᠬᠠᠮᠤᠭ ᠤᠨ ᠦᠨᠳᠦᠰᠦᠨ ᠨᠢᠭᠡ ᠵᠦᠢᠯ ᠪᠣᠯ ᠥᠷᠭᠡᠨ ᠣᠯᠠᠨ ᠠᠵᠢᠯᠲᠠᠨ | ᠠᠵᠢᠯᠴᠢᠨ ᠲᠦᠮᠡᠨ ᠢ ᠨᠠᠮ ᠤᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠶᠢᠨ | ᠲᠥᠯᠥᠭᠡ ᠪᠦᠯᠬᠦᠮᠳᠡᠨ ᠲᠡᠮᠡᠴᠡᠬᠦ ᠶᠠᠪᠤᠳᠠᠯ ᠪᠣᠯᠤᠨ᠎ᠠ᠃ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯᠴᠢᠨ ᠠᠩᠭᠢ ᠳᠤ | ᠲᠦᠰᠢᠭᠯᠡᠬᠦ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠥᠷᠭᠡᠨ ᠣᠯᠠᠨ ᠠᠵᠢᠯᠲᠠᠨ ᠠᠵᠢᠯᠴᠢᠨ ᠣᠯᠠᠨ ᠲᠦᠮᠡᠨ ᠤ | ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠢ ᠪᠦᠬᠦ ᠲᠠᠯ᠎ᠠ ᠪᠠᠷ | ᠠᠬᠢᠭᠤᠯᠬᠤ ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ | ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠃ ᠭᠤᠷᠪᠠᠳᠤᠭᠠᠷ ᠲᠤ | ᠂ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡᠨ ᠤ ᠠᠵᠢᠯ ᠢ ᠰᠡᠳᠬᠢᠯ ᠲᠠᠯᠪᠢᠨ ᠰᠠᠶᠢᠲᠤᠷ ᠬᠢᠬᠦ ᠬᠡᠷᠡᠭᠲᠡᠢ᠃ ᠪᠦᠬᠦ | ᠠᠷᠠᠳ ᠲᠦᠮᠡᠨ ᠤ ᠬᠠᠮᠲᠤ ᠶᠢᠨ ᠴᠢᠨᠡᠭᠡᠯᠢᠭᠵᠢᠯ ᠤᠨ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠣᠯᠬᠤ ᠶᠢ | ᠠᠬᠢᠭᠤᠯᠬᠤ ᠳᠤ᠂ ᠡᠩ ᠲᠡᠷᠢᠭᠦᠨ ᠳᠤ ᠲᠦᠭ ᠲᠦᠮᠡᠨ ᠬᠥᠳᠡᠯᠮᠦᠷᠢᠴᠢᠳ ᠤᠨ ᠪᠡᠶ᠎ᠡ ᠳᠡᠭᠡᠷ᠎ᠡ ᠢᠯᠡᠷᠡᠭᠦᠯᠬᠦ ᠬᠡᠷᠡᠭᠲᠡᠢ᠃ | ᠠᠵᠢᠯᠴᠢᠨ ᠤ ᠡᠪᠯᠡᠯ ᠠᠵᠢᠯᠲᠠᠨ ᠠᠵᠢᠯᠴᠢᠨ ᠤ ᠠᠰᠢᠭ ᠲᠤᠰᠠ ᠶᠢᠨ ᠲᠥᠯᠥᠭᠡᠯᠡᠭᠴᠢ ᠪᠠ ᠬᠠᠮᠠᠭᠠᠯᠠᠭᠴᠢ ᠪᠣᠯᠤᠭᠰᠠᠨ ᠤ | ᠬᠤᠪᠢ ᠳᠤ᠂ ᠠᠵᠢᠯᠲᠠᠨ ᠠᠵᠢᠯᠴᠢᠨ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠣᠳᠠᠲᠠᠢ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠢᠯᠠᠩᠭᠤᠶ᠎ᠠ ᠠᠵᠢᠯ ᠣᠯᠭᠤᠯᠲᠠ ᠶᠢᠨ ᠰᠢᠨ᠎ᠡ ᠬᠡᠯᠪᠡᠷᠢ ᠶᠢᠨ | ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠬᠤ ᠶᠢ ᠴᠢᠬᠤᠯᠠᠴᠢᠯᠠᠬᠤ ᠬᠡᠷᠡᠭᠲᠡᠢ᠃ | ᠠᠵᠢᠯᠲᠠᠨ ᠠᠵᠢᠯᠴᠢᠨ ᠢ ᠬᠥᠲᠥᠯᠥᠨ ᠵᠢᠯᠣᠭᠤᠳᠴᠤ ᠪᠠᠶᠢᠭᠠᠳ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ ᠬᠠᠤᠯᠢ | ᠶᠣᠰᠣᠭᠠᠷ ᠣᠶᠤᠨᠴᠢ ᠪᠠᠷ ᠡᠮᠬᠢ ᠵᠢᠷᠤᠮ ᠲᠠᠢ ᠪᠠᠷ ᠢᠯᠡᠳᠬᠡᠵᠦ᠂ ᠲᠤᠰ ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠨ᠂ ᠡᠶ᠎ᠡ | ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ | ᠵᠣᠬᠢᠶᠠᠯ ᠳᠤ᠂ ᠠᠵᠢᠯᠴᠢᠨ ᠤ ᠡᠪᠯᠡᠯ ᠪᠣᠯ ᠠᠵᠢᠯᠲᠠᠨ ᠤ ᠭᠡᠷ ᠮᠥᠨ᠂ ᠠᠵᠢᠯᠴᠢᠨ ᠤ ᠡᠪᠯᠡᠯ ᠤᠨ ᠺᠠᠳ᠋ᠷ ᠪᠣᠯ ᠠᠵᠢᠯᠲᠠᠨ | ᠠᠵᠢᠯᠴᠢᠨ ᠤ ︽ᠲᠥᠷᠬᠦᠮ ᠤᠨ ᠬᠥᠮᠦᠨ︾ ᠮᠥᠨ᠃ ᠠᠵᠢᠯᠴᠢᠨ ᠤ ᠡᠪᠯᠡᠯ ᠤᠨ ᠥᠭᠡᠷᠡᠴᠢᠯᠡᠯᠲᠡ ᠪᠠ ᠪᠠᠶᠢᠭᠤᠯᠤᠯᠲᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ | ᠪᠣᠢ ᠪᠣᠯᠭᠠᠵᠤ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠬᠥᠲᠥᠯᠥᠨ ᠳᠠᠭᠠᠭᠤᠯᠬᠤ ᠬᠦᠴᠦᠨ᠂ ᠵᠣᠬᠢᠶᠠᠨ | ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠠᠵᠢᠯᠴᠢᠨ ᠤ ᠡᠪᠯᠡᠯ ᠪᠠ ᠠᠵᠢᠯᠴᠢᠨ ᠤ ᠡᠪᠯᠡᠯ ᠤᠨ | ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ | ᠠᠵᠢᠯᠴᠢᠨ ᠤ ᠡᠪᠯᠡᠯ ᠢ ᠢᠳᠡᠪᠬᠢᠲᠡᠢ ᠪᠠᠷ ᠬᠠᠪᠰᠤᠷᠴᠤ ᠪᠠᠶᠢᠭᠠᠳ ᠠᠵᠢᠯᠲᠠᠨ ᠠᠵᠢᠯᠴᠢᠨ ᠣᠯᠠᠨ ᠲᠦᠮᠡᠨ ᠤ ᠪᠣᠳᠠᠲᠠᠢ | ᠬᠦᠴᠢᠷᠳᠡᠯ ᠪᠣᠯᠤᠨ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ |