︽ᠮᠡᠷᠭᠡᠵᠢᠯ︾ ᠬᠦᠷᠭᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/4/7
   ᠮᠠᠯᠴᠢᠨ ᠲᠠᠷᠢᠶᠠᠴᠢᠨ ᠤ ᠢᠳᠡᠰᠢᠨ ᠨᠣᠭᠤᠭ᠎ᠠ ᠳᠠᠷᠢᠬᠤ ᠦᠢᠯᠡᠳᠪᠦᠷᠢᠯᠡᠯ ᠤᠨ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠦᠷᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ 2024 ᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠯᠵᠢᠭᠦᠯᠦᠨ ᠬᠤᠪᠢᠷᠠᠭᠤᠯᠬᠤ ᠪᠡᠯᠡ ᠮᠥᠩᠭᠦ ᠶᠢᠨ ︽ᠬᠦᠢᠲᠡᠨ ᠰᠡᠷᠢᠭᠦᠨ ᠢᠳᠡᠰᠢᠨ ᠨᠣᠭᠤᠭ᠎ᠠ ᠳᠠᠷᠢᠬᠤ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ︾ ᠲᠥᠷᠥᠯ ᠵᠦᠢᠯ ᠲᠠᠢ ᠤᠶᠠᠯᠳᠤᠭᠤᠯᠤᠨ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠶᠢᠨ ᠰᠤᠳᠤᠯᠭᠠᠨ ᠤ ᠭᠠᠵᠠᠷ ᠤᠨ ᠲᠤᠰᠬᠠᠢ ᠮᠡᠷᠭᠡᠵᠢᠯᠲᠡᠨ ᠤ ᠪᠦᠯᠬᠦᠮ ᠪᠠᠶᠠᠨᠨᠠᠭᠤᠷ ᠰᠤᠮᠤ ᠳᠤ ᠬᠦᠷᠴᠦ ᠬᠦᠢᠲᠡᠨ ᠰᠡᠷᠢᠭᠦᠨ ᠢᠳᠡᠰᠢᠨ ᠨᠣᠭᠤᠭ᠎ᠠ ᠳᠠᠷᠢᠬᠤ ᠮᠡᠷᠭᠡᠵᠢᠯ ᠤᠨ ᠲᠠᠶᠢᠯᠤᠮᠵᠢ ᠥᠷᠨᠢᠭᠦᠯᠪᠡ᠃    ᠲᠤᠰᠬᠠᠢ ᠮᠡᠷᠭᠡᠵᠢᠯᠲᠡᠨ ᠤ ᠪᠦᠯᠬᠦᠮ ᠨᠡᠶᠢᠲᠡ ᠠᠴᠠ ᠥᠪᠡᠷᠲᠡᠭᠡᠨ ᠵᠠᠰᠠᠬᠤ ᠣᠷᠣᠨ ᠤ ᠢᠳᠡᠰᠢᠨ ᠪᠤᠷᠴᠠᠭ ᠤᠨ ᠦᠢᠯᠡᠳᠪᠦᠷᠢᠯᠡᠯ ᠤᠨ ᠶᠡᠷᠦᠩᠬᠡᠢ ᠲᠣᠶᠢᠮᠣ ᠪᠠᠶᠢᠳᠠᠯ᠂ ᠠᠵᠤ ᠦᠢᠯᠡᠰ ᠤᠨ ᠪᠠᠶᠢᠷᠢᠰᠢᠭᠤᠯᠤᠯᠲᠠ᠂ ᠳᠠᠷᠢᠵᠤ ᠪᠣᠶᠢᠵᠢᠭᠤᠯᠬᠤ ᠭᠤᠣᠯ ᠪᠣᠯᠬᠤ ᠢᠳᠡᠰᠢᠨ ᠪᠤᠷᠴᠠᠭ ᠤᠨ ᠲᠥᠷᠥᠯ ᠵᠦᠢᠯ᠂ ᠳᠠᠷᠢᠵᠤ ᠪᠣᠶᠢᠵᠢᠭᠤᠯᠬᠤ ᠮᠡᠷᠭᠡᠵᠢᠯ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠢᠴᠢ ᠪᠣᠬᠢᠷᠲᠤᠯ ᠦᠭᠡᠢ ᠦᠢᠯᠡᠳᠪᠦᠷᠢᠯᠡᠯ ᠤᠨ ᠮᠡᠷᠭᠡᠵᠢᠯ ᠢ ᠲᠠᠨᠢᠯᠴᠠᠭᠤᠯᠪᠠ᠃ ᠬᠠᠪᠤᠷ ᠤᠨ ᠲᠠᠷᠢᠶᠠᠯᠠᠭ᠎ᠠ ᠶᠢᠨ ᠰᠢᠨ᠎ᠡ ᠰᠣᠷᠭᠤᠭ ᠰᠣᠩᠭᠢᠨ᠎ᠠ ᠪᠠ ᠵᠠᠳᠠᠭᠠᠢ ᠭᠠᠵᠠᠷ ᠲᠤ ᠡᠪᠦᠯ ᠤᠨ ᠰᠣᠩᠭᠢᠨ᠎ᠠ ᠳᠠᠷᠢᠬᠤ ᠮᠡᠷᠭᠡᠵᠢᠯ ᠤᠨ ᠭᠤᠣᠯᠳᠠᠯᠭ᠎ᠠ ᠵᠢᠴᠢ ᠰᠣᠩᠭᠢᠨ᠎ᠠ ᠶᠢᠨ ᠤᠰᠤᠨ ᠪᠣᠷᠳᠣᠭᠤᠷ ᠤᠨ ᠬᠠᠮᠢᠶᠠᠷᠤᠯᠲᠠ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢ ᠵᠢᠭᠠᠵᠤ᠂ ᠲᠠᠷᠢᠮᠠᠯ ᠤᠨ ᠡᠷᠦᠬᠡ ᠳᠤ ᠨᠣᠭᠤᠭ᠎ᠠ ᠪᠤᠷᠴᠠᠭ ᠪᠠ ᠰᠣᠩᠭᠢᠨ᠎ᠠ ᠳᠠᠷᠢᠬᠤ ᠬᠠᠮᠢᠶᠠᠷᠤᠯᠲᠠ ᠶᠢᠨ ᠮᠡᠷᠭᠡᠵᠢᠯ ᠢ ᠡᠵᠡᠮᠰᠢᠭᠦᠯᠵᠦ᠂ ᠴᠢᠨᠠᠷ ᠰᠠᠶᠢᠲᠠᠢ ᠥᠨᠳᠥᠷ ᠤᠨᠠᠯᠲᠠ ᠶᠢᠨ ᠬᠠᠷᠠᠯᠲᠠ ᠶᠢ ᠪᠡᠶᠡᠯᠡᠭᠦᠯᠬᠦ ᠳᠤ ᠰᠠᠭᠤᠷᠢ ᠲᠠᠯᠪᠢᠨ᠎ᠠ᠃    ᠬᠤᠷᠠᠯ ᠤᠨ ᠳᠠᠷᠠᠭ᠎ᠠ ᠲᠤᠰᠬᠠᠢ ᠮᠡᠷᠭᠡᠵᠢᠯᠲᠡᠨ ᠤ ᠪᠦᠯᠬᠦᠮ ᠤᠨ ᠬᠢᠨ ᠲᠠᠷᠢᠮᠠᠯ ᠤᠨ ᠡᠷᠦᠬᠡ ᠳᠤ ︽ᠥᠪᠥᠷ ᠮᠣᠩᠭᠤᠯ ᠤᠨ ᠭᠤᠣᠯ ᠪᠣᠯᠬᠤ ᠢᠳᠡᠰᠢᠨ ᠨᠣᠭᠤᠭ᠎ᠠ ᠶᠢᠨ ᠬᠡᠷᠡᠭᠯᠡᠭᠡᠨ ᠤ ᠳᠠᠷᠢᠵᠤ ᠪᠣᠶᠢᠵᠢᠭᠤᠯᠬᠤ ᠮᠡᠷᠭᠡᠵᠢᠯ︾ ᠭᠡᠬᠦ ᠵᠢᠭᠠᠯᠲᠠ ᠶᠢᠨ ᠨᠣᠮ ᠲᠠᠷᠬᠠᠭᠠᠬᠤ ᠶᠢᠨ ᠬᠠᠮᠲᠤ ᠬᠠᠮᠢᠶ᠎ᠠ ᠪᠦᠬᠦᠢ ᠵᠢᠯᠣᠭᠤᠳᠤᠯᠭ᠎ᠠ ᠬᠢᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号