ᠰᠢᠪᠠᠭᠤᠨ ᠤ ᠲᠥᠷᠥᠯ ᠤᠨ ᠬᠠᠮᠠᠭᠠᠯᠠᠯᠲᠠ ᠶᠢ ᠴᠢᠩᠭᠠᠳᠬᠠᠵᠤ ᠨᠡᠭᠦᠳᠡᠯ ᠤᠨ ᠰᠢᠪᠠᠭᠤ ᠶᠢᠨ ᠨᠡᠬᠦᠳᠡᠯᠡᠯᠲᠡ ᠎ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/4/7
   ᠨᠡᠶᠢᠭᠡᠮ ᠨᠡᠶᠢᠲᠡ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠨᠡᠭᠦᠳᠡᠯ ᠤᠨ ᠰᠢᠪᠠᠭᠤ ᠶᠢᠨ ᠨᠡᠭᠦᠳᠡᠯᠯᠡᠬᠦ ᠵᠠᠮ ᠢ ᠰᠠᠬᠢᠨ ᠬᠠᠮᠠᠭᠠᠯᠠᠵᠤ᠂ ᠪᠥᠬᠦ ᠠᠷᠠᠳ ᠢᠶᠠᠷ ᠢᠶᠠᠨ ᠨᠡᠭᠦᠳᠡᠯ ᠤᠨ ᠰᠢᠪᠠᠭᠤ ᠶᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠷᠴᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠰᠢᠨ᠎ᠡ ᠵᠠᠮ ᠤᠨ ᠰᠤᠮᠤᠨ ᠳᠤ ︽ᠨᠡᠭᠦᠳᠡᠯ ᠤᠨ ᠰᠢᠪᠠᠭᠤ ᠶᠢᠨ ᠨᠡᠭᠦᠳᠡᠯ ᠢ ᠰᠠᠬᠢᠨ ᠬᠠᠮᠠᠭᠠᠯᠠᠬᠤ︾ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠬᠤᠷᠴᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠷᠠᠳ ᠤᠨ ᠴᠠᠭᠳᠠᠭ᠎ᠠ ᠰᠢᠨᠠᠵᠠᠮ ᠰᠤᠮᠤ ᠶᠢᠨ ᠵᠢᠷᠠᠨᠳᠠᠪᠠᠭ᠎ᠠ ᠭᠠᠴᠠᠭᠠᠨ ᠤ ᠠᠷᠠᠳ ᠤᠨ ᠭᠡᠷ ᠲᠤ ᠢᠷᠡᠵᠦ ᠨᠡᠭᠦᠳᠡᠯ ᠤᠨ ᠰᠢᠪᠠᠭᠤ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯ ᠬᠢᠪᠡ᠃ ᠤᠬᠠᠭᠤᠯᠭ᠎ᠠ ᠶᠢᠨ ᠳᠡᠪᠲᠡᠷ ᠲᠠᠷᠬᠠᠭᠠᠬᠤ ᠪᠠ ᠰᠢᠪᠠᠭᠤ ᠶᠢ ᠬᠠᠶᠢᠷᠠᠯᠠᠵᠤ ᠰᠢᠪᠠᠭᠤ ᠶᠢ ᠬᠠᠮᠠᠭᠠᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠢ ᠪᠣᠳᠠᠲᠤ ᠠᠵᠢᠯᠯᠠᠭ᠎ᠠ ᠪᠠᠷ ᠢᠶᠠᠨ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠶᠢ ᠤᠷᠢᠶᠠᠯᠠᠨ᠎ᠠ᠃    ︽ᠬᠠᠪᠤᠷ ᠶᠡᠭᠡ ᠬᠡᠮᠵᠢᠶᠡᠨ ᠤ ᠨᠡᠭᠦᠳᠡᠯ ᠤᠨ ᠰᠢᠪᠠᠭᠤᠳ ᠪᠤᠴᠠᠵᠤ ᠢᠷᠡᠬᠦ ᠪᠦᠷᠢ᠂ ᠬᠤᠪᠢᠶᠠᠷᠢ ᠲᠣᠪᠴᠢᠶ᠎ᠠ ᠶᠢᠨ ᠠᠷᠠᠳ ᠤᠨ ᠴᠠᠭᠳᠠᠭ᠎ᠠ ᠨᠠᠷ ᠴᠥᠮ ᠮᠠᠨ ᠤ ᠭᠠᠴᠠᠭᠠᠨ ᠳᠤ ᠢᠷᠡᠵᠦ ᠰᠢᠪᠠᠭᠤ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠳᠡᠭ᠂ ᠣᠲᠣ ᠣᠷᠴᠢᠨ ᠠᠬᠤᠢ ᠤᠯᠠᠮ ᠠᠴᠠ ᠤᠯᠠᠮ ᠰᠠᠶᠢᠵᠢᠷᠠᠵᠤ᠂ ᠰᠢᠪᠠᠭᠤᠨ ᠤ ᠲᠤᠭ᠎ᠠ ᠴᠤ ᠤᠯᠠᠮ ᠠᠴᠠ ᠤᠯᠠᠮ ᠣᠯᠠᠰᠢᠷᠠᠵᠤ ᠪᠠᠶᠢᠨ᠎ᠠ︕ ᠰᠢᠪᠠᠭᠤ ᠶᠢ ᠬᠠᠶᠢᠷᠠᠯᠠᠬᠤ ᠪᠣᠯ ᠣᠯᠠᠨ ᠤ ᠬᠠᠮᠲᠤ ᠶᠢᠨ ᠬᠠᠷᠢᠭᠤᠴᠠᠯᠭ᠎ᠠ ᠮᠥᠨ ᠭᠡᠳᠡᠭ ᠢ ᠪᠢᠳᠡ ᠪᠦᠷ ᠮᠡᠳᠡᠵᠦ ᠪᠠᠶᠢᠨ᠎ᠠ︾ ᠭᠡᠵᠦ ᠰᠢᠨᠠᠵᠠᠮ ᠰᠤᠮᠤ ᠶᠢᠨ ᠵᠢᠷᠠᠨᠳᠠᠪᠠᠭ᠎ᠠ ᠭᠠᠴᠠᠭᠠᠨ ᠤ ᠠᠷᠠᠳ ᠵᠠᠢ ᠰᠢᠨ ᠪᠥᠸᠧ ᠬᠡᠯᠡᠪᠡ᠃    ᠠᠵᠢᠯᠯᠠᠭ᠎ᠠ ᠶᠢᠨ ᠳᠤᠮᠳᠠ᠂ ᠬᠤᠷᠴᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠷᠠᠳ ᠤᠨ ᠴᠠᠭᠳᠠᠭ᠎ᠠ ᠰᠢᠨ ᠵᠢᠶᠠ ᠮᠦ ᠭᠤᠣᠯ ᠰᠤᠷᠭᠠᠭᠤᠯᠢ ᠳᠤ ᠬᠦᠷᠴᠦ᠂ ᠠᠮᠢ ᠠᠬᠤᠢ ᠶᠢᠨ ᠬᠠᠤᠯᠢ ᠪᠠᠷ ᠵᠠᠰᠠᠬᠤ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠢ ᠥᠷᠨᠢᠭᠦᠯᠦᠨ᠂ ᠰᠤᠷᠤᠭᠴᠢᠳ ᠲᠤ ᠰᠢᠪᠠᠭᠤᠨ ᠤ ᠲᠥᠷᠥᠯ ᠵᠦᠢᠯ᠂ ᠠᠮᠢᠳᠤᠷᠠᠯ ᠤᠨ ᠵᠠᠩ ᠳᠠᠳᠬᠠᠯ ᠵᠢᠴᠢ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠠᠩᠬᠠᠷᠬᠤ ᠵᠦᠢᠯᠡᠰ ᠢ ᠲᠠᠶᠢᠯᠪᠤᠷᠢᠯᠠᠨ ᠥᠭᠴᠦ᠂ ᠨᠡᠭᠦᠳᠡᠯ ᠤᠨ ᠰᠢᠪᠠᠭᠤᠨ ᠤ ᠤᠬᠠᠭᠤᠯᠭ᠎ᠠ ᠶᠢᠨ ᠹᠢᠯᠢᠮ ᠢ ᠰᠣᠨᠢᠷᠬᠠᠨ᠂ ᠰᠤᠷᠤᠭᠴᠢᠳ ᠢ ᠢᠳᠡᠪᠬᠢᠲᠡᠢ ᠬᠥᠲᠥᠯᠥᠨ ᠵᠢᠯᠤᠭᠤᠳᠴᠤ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠤᠬᠠᠮᠰᠠᠷ ᠲᠠᠢ ᠪᠤᠯᠭᠠᠪᠠ᠃    ᠬᠤᠷᠴᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠡᠭᠦᠳᠡᠯ ᠤᠨ ᠰᠢᠪᠠᠭᠤᠨ ᠤ ᠨᠡᠭᠦᠳᠡᠯ ᠤᠨ ᠣᠨᠴᠠᠯᠢᠭ ᠢ ᠦᠨᠳᠦᠰᠦᠯᠡᠵᠦ᠂ ᠬᠠᠮᠠᠭᠠᠯᠠᠯᠲᠠ ᠶᠢᠨ ᠣᠷᠣᠨ ᠳᠤ ᠲᠥᠪᠯᠡᠷᠡᠭᠦᠯᠦᠨ ᠲᠣᠭᠤᠷᠢᠨ ᠪᠠᠶᠢᠴᠠᠭᠠᠬᠤ᠂ ᠭᠤᠣᠯᠳᠠᠯᠭ᠎ᠠ ᠲᠠᠢ ᠬᠢᠨᠠᠨ ᠡᠵᠡᠮᠳᠡᠬᠦ ᠵᠢᠴᠢ ᠠᠭᠠᠷ ᠲᠠᠬᠢ ᠵᠢᠯᠣᠭᠤᠴᠢ ᠦᠭᠡᠢ ᠨᠢᠰᠬᠡᠯ ᠤᠨ ᠣᠷᠣᠨ ᠪᠦᠰᠡ ᠪᠠᠷ ᠲᠣᠭᠤᠷᠢᠨ ᠪᠠᠶᠢᠴᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠨᠤᠭᠤ ᠭᠠᠵᠠᠷ ᠵᠢᠴᠢ ᠡᠷᠬᠢᠨ ᠲᠣᠭᠤᠷᠢᠨ ᠤ ᠨᠡᠭᠦᠳᠡᠯ ᠤᠨ ᠰᠢᠪᠠᠭᠤᠳ ᠤᠨ ᠨᠡᠭᠦᠳᠡᠯᠯᠡᠨ ᠨᠢᠰᠴᠦ ᠠᠮᠠᠷᠠᠬᠤ ᠭᠠᠵᠠᠷ᠂ ᠰᠦᠷᠦᠭᠯᠡᠨ ᠬᠥᠳᠡᠯᠭᠡᠭᠡᠨ ᠬᠢᠬᠦ ᠣᠷᠣᠨ ᠳᠤ ᠪᠦᠬᠦᠯᠢ ᠡᠳᠦᠷ ᠤᠨ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠠᠪᠤᠭᠤᠯᠵᠤ᠂ ᠬᠤᠣᠷ ᠬᠠᠶᠠᠬᠤ᠂ ᠲᠣᠣᠷ ᠢᠶᠠᠷ ᠠᠩᠨᠠᠬᠤ᠂ ᠤᠷᠠᠬᠠᠨ ᠳᠤ ᠪᠠᠭᠤᠯᠭᠠᠬᠤ᠂ ᠠᠩᠨᠠᠬᠤ ᠵᠡᠷᠭᠡ ᠬᠠᠤᠯᠢ ᠎ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ ᠬᠡᠵᠡᠢ᠃    ︽ᠣᠶᠢᠷ᠎ᠠ ᠶᠢᠨ ᠵᠢᠯ ᠤᠳ ᠲᠤ᠂ ᠬᠤᠷᠴᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠡᠭᠦᠳᠡᠯ ᠤᠨ ᠰᠢᠪᠠᠭᠤ ᠶᠢ ᠬᠠᠮᠠᠭᠠᠯᠠᠬᠤ ᠵᠢᠴᠢ ᠬᠡᠭᠡᠷ᠎ᠡ ᠶᠢᠨ ᠠᠮᠢᠲᠠᠨ ᠳᠤ ᠬᠤᠯᠪᠣᠭᠳᠠᠭᠰᠠᠨ ᠬᠡᠷᠡᠭ ᠲᠤ ᠴᠣᠬᠢᠯᠲᠠ ᠥᠭᠬᠦ ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠵᠦᠢᠯ ᠤᠨ ᠬᠡᠯᠪᠡᠷᠢ ᠶᠢᠨ ᠬᠡᠪᠰᠢᠭᠰᠡᠨ ᠤᠬᠠᠭᠤᠯᠭ᠎ᠠ ᠪᠠᠷ ᠳᠡᠮᠵᠢᠨ᠂ ᠬᠠᠷᠢᠶᠠᠲᠤ ᠣᠷᠣᠨ ᠵᠢᠴᠢ ᠡᠷᠬᠢᠨ ᠲᠣᠭᠤᠷᠢᠨ ᠤ ᠣᠯᠠᠨ ᠲᠦᠮᠡᠨ ᠤ ᠰᠢᠪᠠᠭᠤᠨ ᠤ ᠲᠥᠷᠥᠯ ᠢ ᠬᠠᠮᠠᠭᠠᠯᠠᠬᠤ ᠦᠵᠡᠯ ᠤᠬᠠᠮᠰᠠᠷ ᠨᠢ ᠲᠤᠶᠢᠯ ᠤᠨ ᠶᠡᠭᠡ ᠪᠠᠷ ᠳᠡᠭᠡᠭᠰᠢᠯᠡᠭᠰᠡᠨ ᠪᠠᠶᠢᠨ᠎ᠠ᠃ ᠳᠠᠷᠠᠭᠠᠴᠢ ᠎ ᠶᠢᠨ ᠠᠯᠬᠤᠮ ᠳᠤ ᠪᠢᠳᠡ ᠨᠡᠭᠦᠳᠡᠯ ᠤᠨ ᠰᠢᠪᠠᠭᠤ ᠎ ᠶᠢ ᠬᠠᠮᠠᠭᠠᠯᠠᠬᠤ ᠠᠵᠢᠯ ᠎ ᠢ ᠥᠩᠭᠡᠷᠡᠭᠰᠡᠨ ᠲᠠᠢ ᠪᠠᠨ ᠠᠳᠠᠯᠢ ᠪᠠᠷ ᠰᠠᠶᠢᠲᠤᠷ ᠬᠢᠵᠦ᠂ ᠲᠡᠳᠡᠨ ᠳᠤ ᠣᠷᠣᠰᠢᠨ ᠠᠮᠢᠳᠤᠷᠠᠬᠤ ᠰᠠᠶᠢᠨ ᠰᠠᠶᠢᠬᠠᠨ ᠣᠷᠴᠢᠨ ᠨᠥᠬᠦᠴᠡᠯ ᠎ ᠢ ᠪᠤᠶ ᠪᠣᠯᠭᠠᠵᠤ ᠥᠭᠭᠦᠨ᠎ᠡ︾ ᠭᠡᠵᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠎ ᠶᠢ ᠬᠠᠮᠠᠭᠠᠯᠠᠬᠤ ᠲᠣᠪᠴᠢᠶᠠᠨ ᠤ ᠬᠤᠷᠴᠢᠨ ᠤᠯᠤᠰ ᠤᠨ ᠳᠡᠰ ᠤᠨ ᠪᠠᠶᠢᠭᠠᠯᠢ ᠎ ᠶᠢᠨ ᠬᠠᠮᠠᠭᠠᠯᠠᠯᠲᠠ ᠎ ᠶᠢᠨ ᠣᠷᠣᠨ ᠤ ᠣᠶ ᠰᠢᠭᠤᠢ  ᠎ ᠶᠢᠨ ᠳᠣᠲᠣᠭᠠᠳᠤ ᠎ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠺᠣᠮᠢᠰᠰᠠᠷ ᠬᠠᠨ ᠶᠦᠨ ᠫᠧᠩ ᠬᠡᠯᠡᠵᠡᠢ᠃    2023 ᠣᠨ ᠎ ᠠᠴᠠ ᠣᠲᠣ ᠪᠣᠯᠲᠠᠯ᠎ᠠ᠂ ᠬᠤᠷᠴᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠎ ᠠᠴᠠ ᠬᠠᠤᠯᠢ ᠪᠤᠰᠤ ᠪᠠᠷ ᠠᠩᠨᠠᠭᠰᠠᠨ ᠬᠠᠤᠯᠢ ᠎ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠨᠡᠶᠢᠲᠡ 3 ᠴᠣᠬᠢᠯᠲᠠ ᠥᠭᠴᠦ᠂ ᠨᠡᠶᠢᠲᠡ 32 ᠲᠥᠷᠥᠯ ᠤᠨ ᠰᠢᠪᠠᠭᠤᠨ ᠤ ᠲᠥᠷᠥᠯ ᠢ ᠠᠪᠤᠷᠠᠨ ᠲᠤᠰᠠᠯᠠᠵᠤ ᠬᠠᠮᠠᠭᠠᠯᠠᠨ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ 100 ᠭᠠᠷᠤᠢ ᠤᠳᠠᠭ᠎ᠠ ᠥᠷᠨᠢᠭᠦᠯᠦᠭᠰᠡᠨ ᠪᠠᠶᠢᠨ᠎ᠠ᠃  
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号