ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠢᠩᠭᠠᠨ ᠠᠶᠢᠮᠠᠭ ᠤᠨ ᠬᠤᠷᠴᠢᠨ ᠤ ᠡᠯᠡᠰᠦᠷᠬᠡᠭ ᠭᠠᠵᠠᠷ ᠤᠨ | ᠰᠥᠨᠥᠭᠡᠬᠦ ᠪᠠᠶᠢᠯᠳᠤᠭᠠᠨ ᠤ ᠳᠠᠭᠠᠷᠢᠯᠲᠠ ᠶᠢᠨ ᠪᠦᠷᠢᠶ᠎ᠡ ᠶᠢ ᠪᠥᠬᠦ ᠲᠠᠯ᠎ᠠ ᠪᠠᠷ ᠬᠠᠩᠭᠢᠨᠠᠭᠤᠯᠤᠭᠰᠠᠨ ᠤ ᠳᠠᠷᠠᠭ᠎ᠠ᠂ ᠪᠥᠬᠦ | ᠬᠤᠰᠢᠭᠤᠨ ᠤ ᠵᠢᠷᠭᠤᠭᠠᠨ ᠶᠡᠭᠡ ᠪᠠᠶᠢᠯᠳᠤᠭᠠᠨ ᠤ ᠲᠣᠭᠤᠷᠢᠭ ᠲᠤ ᠴᠠᠭ ᠢ ᠠᠮᠵᠢᠨ᠂ ᠪᠠᠷᠢᠯᠭ᠎ᠠ ᠶᠢᠨ ᠠᠵᠢᠯ ᠢᠶᠠᠨ | ᠲᠦᠷᠭᠡᠳᠬᠡᠵᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ | ᠠᠬᠢᠭᠤᠯᠪᠠ᠃ | ᠣᠶᠢᠷ᠎ᠠ ᠳᠤ᠂ ᠰᠤᠷᠪᠤᠯᠵᠢᠯᠠᠭᠴᠢ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠪᠠᠶᠢᠯᠳᠤᠭᠠᠨ ᠤ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠤᠯ ᠤᠨ ᠪᠠᠶᠢᠰᠢᠩ ᠤᠨ ᠪᠠᠶᠢᠯᠳᠤᠭᠠᠨ ᠤ ᠲᠣᠭᠤᠷᠢᠭ ᠲᠤ | ᠬᠦᠷᠴᠦ᠂ ᠭᠤᠸ ᠯᠢ ᠪᠠᠨ ᠪᠠᠯᠭᠠᠰᠤᠨ ᠤ ᠬᠤᠸᠠ ᠳ᠋ᠣᠣ ᠪᠥᠸᠧ ᠭᠠᠴᠠᠭ᠎ᠠ ᠪᠣᠯᠣᠨ ᠱᠠᠮᠭᠠᠴᠠᠭᠠ ᠶᠢᠨ ᠠᠭᠤᠯᠵᠠᠷ ᠲᠤ | ᠡᠯ᠎ᠡ ᠵᠦᠢᠯ ᠤᠨ ᠲᠣᠨᠤᠭ ᠲᠥᠬᠦᠭᠡᠷᠦᠮᠵᠢ ᠨᠡᠶᠢᠳᠡᠮ ᠢᠯᠡᠷᠡᠵᠦ᠂ ᠤᠳᠬᠤᠭᠤᠷ ᠲᠡᠷᠭᠡ᠂ ᠭᠤᠬᠠᠲᠤ ᠮᠠᠰᠢᠨ ᠢᠶᠠᠷ | ᠭᠠᠵᠠᠷ ᠲᠡᠭᠰᠢᠯᠡᠵᠦ᠂ ᠡᠯᠡᠰᠦᠷᠬᠡᠭ ᠭᠠᠵᠠᠷ ᠤᠨ ᠬᠤᠭᠤᠷᠣᠨᠳᠤ ᠨᠠᠰᠢ ᠴᠠᠰᠢ ᠰᠦᠯᠵᠢᠯᠳᠦᠵᠦ ᠪᠠᠶᠢᠬᠤ ᠶᠢ ᠣᠯᠵᠤ | ᠬᠠᠷᠠᠪᠠ᠃ ᠨᠥᠭᠦᠭᠡ ᠲᠠᠯ᠎ᠠ ᠪᠠᠷ᠂ ᠬᠤᠳᠳᠤᠭ ᠮᠠᠯᠲᠠᠬᠤ ᠠᠵᠢᠯᠲᠠᠳ ᠶᠠᠭ ᠰᠠᠶᠢᠬᠠᠨ ᠬᠤᠳᠳᠤᠭ ᠥᠷᠥᠮᠳᠡᠬᠦ | ᠲᠥᠬᠦᠭᠡᠷᠦᠮᠵᠢ ᠪᠠᠨ ᠶᠠᠭᠠᠷᠠᠯᠲᠠᠢ ᠲᠣᠬᠢᠷᠠᠭᠤᠯᠵᠤ ᠪᠠᠶᠢᠬᠤ ᠳᠤ᠂ ᠥᠷᠥᠮᠳᠡᠬᠦ ᠮᠠᠰᠢᠨ ᠤ ᠲᠠᠭᠤ ᠭᠠᠷᠬᠤ ᠶᠢ | ᠳᠠᠭᠠᠯᠳᠤᠨ᠂ ᠥᠷᠥᠮ ᠤᠨ ᠦᠵᠦᠭᠦᠷ ᠲᠠᠰᠤᠷᠠᠯᠲᠠ ᠦᠭᠡᠢ ᠭᠠᠵᠠᠷ ᠳᠣᠣᠷ᠎ᠠ ᠰᠢᠷᠭᠤᠨ ᠣᠷᠣᠵᠤ᠂ ᠰᠢᠪᠠᠷ ᠰᠢᠷᠣᠢ | ᠣᠷᠭᠢᠯᠤᠨ ᠭᠠᠷᠴᠤ ᠢᠷᠡᠪᠡ᠃ | ᠪᠠᠷᠢᠯᠭ᠎ᠠ ᠶᠢᠨ ᠠᠵᠤ ᠠᠬᠤᠶᠢᠯᠠᠯ ᠤᠨ ᠲᠠᠨᠢᠯᠴᠠᠭᠤᠯᠤᠭᠰᠠᠨ ᠢᠶᠠᠷ᠂ ᠡᠯᠡᠰᠦᠷᠬᠡᠭ ᠭᠠᠵᠠᠷ ᠢ ᠵᠠᠰᠠᠬᠤ ᠲᠥᠷᠥᠯ | ᠵᠦᠢᠯ ᠢ ᠶᠡᠭᠡ ᠲᠥᠯᠥᠪ ᠳᠥᠷᠪᠡᠨ ᠠᠯᠬᠤᠮ ᠬᠤᠪᠢᠶᠠᠵᠤ᠂ ᠲᠠᠯᠠᠪᠤᠷ ᠭᠠᠵᠠᠷ ᠢ ᠲᠡᠭᠰᠢᠯᠡᠬᠦ᠂ ᠨᠦᠬᠡ ᠮᠠᠯᠲᠠᠨ ᠮᠣᠳᠣ | ᠳᠠᠷᠢᠬᠤ᠂ ᠳᠤᠰᠤᠯᠭᠠᠨ ᠤᠰᠤᠯᠠᠬᠤ ᠪᠦᠰᠡ ᠳᠡᠪᠢᠰᠬᠦ᠂ ᠰᠡᠭᠦᠯᠴᠢ ᠶᠢᠨ ᠬᠤᠭᠤᠴᠠᠭᠠᠨ ᠳᠤ ᠬᠠᠮᠠᠭᠠᠯᠠᠨ ᠤᠰᠤᠯᠠᠬᠤ᠂ | ᠡᠮᠦᠨᠡᠬᠢ ᠬᠤᠭᠤᠴᠠᠭᠠᠨ ᠳᠤ ᠲᠠᠯᠠᠪᠤᠷ ᠭᠠᠵᠠᠷ ᠢ ᠲᠡᠭᠰᠢᠯᠡᠬᠦ ᠲᠣᠮᠣ ᠬᠡᠯᠪᠡᠷᠢ ᠶᠢᠨ ᠲᠥᠬᠦᠭᠡᠷᠦᠮᠵᠢ ᠶᠢ 10 ᠭᠠᠷᠤᠢ | ᠣᠷᠣᠭᠤᠯᠵᠤ᠂ ᠲᠤᠬᠠᠢ ᠶᠢᠨ ᠭᠠᠵᠠᠷ ᠤᠨ 20 ᠭᠠᠷᠤᠢ ᠠᠷᠠᠳ ᠢ ᠬᠥᠯᠥᠰᠦᠯᠡᠨ ᠬᠡᠷᠡᠭᠯᠡᠨ᠎ᠡ᠃ | ᠬᠤᠳᠳᠤᠭ ᠮᠠᠯᠲᠠᠬᠤ ᠠᠵᠢᠯ ᠤᠨ ᠳᠤᠮᠳᠠ᠂ ᠭᠤᠸ ᠯᠢ ᠪᠠᠨ ᠪᠠᠯᠭᠠᠰᠤᠨ ᠤ ᠱᠠᠮᠭᠠᠴᠠ ᠲᠣᠰᠬᠤᠨ ᠤ ᠠᠷᠠᠳ | ᠯᠠᠩ ᠲᠢᠶᠧ ᠨᠢᠦ ᠬᠤᠳᠳᠤᠭ ᠥᠷᠥᠮᠳᠡᠬᠦ ᠲᠥᠬᠦᠭᠡᠷᠦᠮᠵᠢ ᠶᠢᠨ ᠬᠤᠭᠤᠷᠣᠨᠳᠤ ᠶᠠᠭᠠᠷᠠᠯᠲᠠᠢ ᠠᠵᠢᠯᠯᠠᠵᠤ | ᠵᠣᠬᠢᠴᠠᠭᠤᠯᠵᠤ᠂ ᠬᠤᠳᠳᠤᠭ ᠥᠷᠥᠮᠳᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠭᠰᠠᠨ ᠪᠠᠶᠢᠨ᠎ᠠ᠃ | ︽ᠪᠢ ᠵᠠᠰᠠᠭ ᠤᠨ ᠣᠷᠳᠣᠨ ᠤ ᠤᠷᠢᠶᠠᠯᠠᠭ᠎ᠠ ᠶᠢ ᠴᠤᠤᠷᠢᠶᠠᠲᠤᠨ ᠲᠠᠭᠠᠵᠦ᠂ ᠡᠯᠡᠰᠦ ᠶᠢ ᠵᠠᠰᠠᠬᠤ ᠠᠵᠢᠯ ᠳᠤ | ᠣᠷᠣᠯᠴᠠᠵᠤ᠂ ᠥᠪᠡᠷ ᠤᠨ ᠨᠤᠲᠤᠭ ᠤᠰᠤᠨ ᠤ ᠪᠠᠨ ᠲᠥᠯᠥᠭᠡ ᠥᠪᠡᠷ ᠤᠨ ᠨᠢᠭᠡ ᠬᠤᠪᠢ ᠬᠦᠴᠦ ᠪᠠᠨ ᠡᠷᠭᠦᠵᠦ᠂ | ᠥᠪᠡᠷ ᠤᠨ ᠪᠡᠶ᠎ᠡ ᠳᠡᠭᠡᠨ ᠪᠠᠰᠠ ᠨᠢᠭᠡ ᠬᠤᠪᠢ ᠣᠷᠣᠯᠭ᠎ᠠ ᠶᠢ ᠨᠡᠮᠡᠭᠳᠡᠭᠦᠯᠵᠡᠢ︾ ᠭᠡᠵᠦ ᠯᠠᠩ ᠲᠢᠶ᠋ᠧ ᠨᠢᠦ ᠬᠡᠯᠡᠪᠡ᠃ | ᠣᠶᠢᠯᠠᠭᠠᠭᠰᠠᠨ ᠢᠶᠠᠷ᠂ ᠭᠤᠸ ᠯᠢ ᠪᠠᠨ ᠪᠠᠯᠭᠠᠰᠤᠨ ᠤ ᠡᠯᠡᠰᠦᠷᠬᠡᠭ ᠭᠠᠵᠠᠷ ᠢ ᠵᠠᠰᠠᠭᠰᠠᠨ ᠶᠡᠷᠦᠩᠬᠡᠢ ᠲᠠᠯᠠᠪᠠᠶ ᠨᠢ | 10847 ᠮᠦ ᠪᠠᠶᠢᠵᠤ᠂ ᠡᠭᠦᠨ ᠤ ᠳᠣᠲᠣᠷ᠎ᠠ ᠬᠤᠸᠠ ᠳᠤᠪᠤ᠂ ᠰᠠᠮᠠᠭ᠎ᠠ ᠭᠠᠴᠠᠭ᠎ᠠ ᠶᠢᠨ ᠠᠭᠤᠯᠵᠠᠷ ᠲᠤ 4504 | ᠮᠦ ᠪᠠᠶᠢᠨ᠎ᠠ᠃ ᠶᠡᠷᠦᠩᠬᠡᠶᠢᠯᠡᠨ ᠵᠠᠰᠠᠬᠤ᠂ ᠨᠥᠬᠦᠵᠦ ᠳᠠᠷᠢᠵᠤ ᠨᠥᠬᠦᠵᠦ ᠳᠠᠷᠢᠬᠤ᠂ ᠬᠡᠭᠡᠷ᠎ᠡ ᠶᠢᠨ ᠲᠢᠲᠢᠮ ᠵᠢᠮᠢᠰ ᠢ | ᠵᠠᠶᠢᠯᠠᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ | ᠶᠠᠪᠤᠭᠳᠠᠭᠤᠯᠤᠨ᠎ᠠ᠃ | ︽ᠭᠤᠤᠯ ᠤᠨ ᠪᠠᠶᠢᠰᠢᠩ ᠪᠠᠯᠭᠠᠰᠤ ᠪᠣᠯ ᠪᠥᠬᠦ ᠬᠤᠰᠢᠭᠤᠨ ᠤ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ | ᠪᠠᠶᠢᠯᠳᠤᠭᠠᠨ ᠤ ᠬᠤᠶᠠᠳᠤᠭᠠᠷ ᠣᠷᠣᠨ ᠪᠣᠯᠣᠨ᠎ᠠ᠂ ᠪᠥᠬᠦ ᠪᠠᠯᠭᠠᠰᠤ ᠪᠠᠷ ᠢᠶᠠᠨ ᠰᠢᠨᠵᠢᠯᠡᠬᠦ ᠤᠬᠠᠭᠠᠨᠴᠢ ᠪᠠᠷ ᠡᠯᠡᠰᠦ ᠶᠢ | ᠰᠡᠷᠭᠡᠶᠢᠯᠡᠨ ᠡᠯᠡᠰᠦ ᠶᠢ ᠵᠠᠰᠠᠬᠤ ᠶᠢ ᠪᠠᠷᠢᠮᠲᠠᠯᠠᠵᠤ᠂ ᠭᠤᠤᠯ ᠤᠨ ᠪᠠᠶᠢᠰᠢᠩ ᠪᠠᠯᠭᠠᠰᠤᠨ ᠤ ᠪᠥᠬᠦ ᠺᠠᠳ᠋ᠷ ᠣᠯᠠᠨ | ᠲᠦᠮᠡᠨ ᠪᠦᠯᠬᠦᠮᠳᠡᠨ ᠨᠢᠭᠡᠳᠴᠦ᠂ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ︿ᠳᠥᠷᠪᠡ ᠶᠢ | ᠴᠠᠭᠠᠵᠠᠯᠠᠬᠤ﹀ ᠠᠵᠢᠯ ᠢ ᠰᠠᠶᠢᠲᠤᠷ ᠬᠢᠬᠦ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠴᠦᠨ ᠪᠠ ᠨᠡᠶᠢᠭᠡᠮ ᠤᠨ ᠬᠦᠴᠦᠨ ᠢ ᠠᠰᠢᠭᠯᠠᠨ᠂ ᠭᠤᠣᠯᠳᠠᠯᠭ᠎ᠠ ᠲᠠᠢ ᠪᠠᠷ ︿ᠬᠠᠲᠤᠨ ᠭᠤᠣᠯ ᠢ | ᠤᠰᠠᠳᠬᠠᠬᠤ﹀ ᠪᠣᠯᠣᠨ᠎ᠠ᠃ ᠡᠯᠡᠰᠦ ᠮᠠᠩᠬ᠎ᠠ ᠶᠢ ᠵᠠᠰᠠᠬᠤ ᠶᠢᠨ ᠵᠡᠷᠭᠡᠪᠡᠷ ᠮᠠᠯᠴᠢᠨ ᠲᠠᠷᠢᠶᠠᠴᠢᠨ ᠤ ᠣᠷᠣᠯᠭ᠎ᠠ ᠶᠢ | ᠨᠡᠮᠡᠭᠳᠡᠭᠦᠯᠵᠦ᠂ ᠨᠣᠭᠤᠭᠠᠨ ᠪᠠᠶᠠᠵᠢᠯ ᠢ ᠬᠠᠮᠲᠤᠪᠠᠷ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠵᠦ᠂ ᠬᠤᠷᠴᠢᠨ ᠤ | ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ | ᠬᠡᠷᠡᠭᠲᠡᠢ︾ ᠭᠡᠵᠦ ᠭᠤᠣᠯ ᠢᠶᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠱᠤᠤ ᠰᠢᠶᠣᠣ | ᠰᠢᠨ ᠬᠡᠯᠡᠪᠡ᠃ | |