ᠳᠤᠮᠳᠠᠳᠤ ᠶᠢᠨ ᠦᠨᠳᠦᠰᠦᠲᠡᠨ ᠤ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠤᠯᠠᠮᠵᠢᠯᠠᠯᠲᠤ ᠰᠠᠶᠢᠬᠠᠨ | ᠰᠤᠷᠲᠠᠯ ᠢ ᠪᠠᠳᠠᠷᠠᠭᠤᠯᠵᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ᠂ ᠠᠷᠪᠢᠯᠠᠨ ᠭᠠᠮᠨᠠᠬᠤ ᠶᠢ ᠡᠷᠬᠢᠮᠯᠡᠬᠦ ᠰᠠᠶᠢᠨ | ᠰᠠᠶᠢᠬᠠᠨ ᠨᠡᠶᠢᠭᠡᠮ ᠤᠨ ᠬᠡᠪ ᠰᠤᠷᠲᠠᠯ ᠢ ᠰᠠᠨᠠᠭᠠᠴᠢᠯᠠᠬᠤ ᠶᠢᠨ ᠲᠥᠯᠥᠭᠡ᠂ ᠣᠶᠢᠷ᠎ᠠ ᠳᠤ᠂ ᠰᠢᠨ᠎ᠡ ᠵᠠᠮᠤ ᠰᠤᠮᠤ ︽ | ᠠᠮᠤ ᠪᠤᠳᠠᠭ᠎ᠠ ᠪᠠᠨ ᠨᠠᠨᠳᠢᠩᠨᠠᠵᠤ ᠪᠦᠷᠢᠯᠭᠡᠨ ᠰᠦᠢᠳᠬᠡᠬᠦ ᠶᠢ ᠬᠤᠷᠢᠭᠯᠠᠬᠤ︾ ᠭᠤᠣᠯ ᠰᠡᠳᠦᠪᠲᠦ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ ᠠᠮᠤ ᠪᠤᠳᠠᠭ᠎ᠠ ᠠᠷᠪᠢᠯᠠᠬᠤ ᠶᠢᠨ ᠴᠢᠬᠤᠯᠠ ᠴᠢᠨᠠᠷ ᠢ ᠲᠠᠶᠢᠯᠪᠤᠷᠢᠯᠠᠨ ᠶᠠᠷᠢᠵᠤ᠂ | ᠪᠦᠬᠦ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠠᠷᠪᠢᠯᠠᠨ ᠭᠠᠮᠨᠠᠬᠤ ᠠᠷᠭ᠎ᠠ ᠬᠡᠮᠵᠢᠶ᠎ᠡ ᠶᠢ ᠲᠦᠷᠦᠭᠦᠯᠡᠨ | ᠨᠠᠶᠢᠳᠠᠪᠤᠷᠢᠵᠢᠭᠤᠯᠵᠤ᠂ ᠢᠳᠡᠭᠡᠨ ᠤᠮᠳᠠᠭᠠᠨ ᠤ ᠲᠠᠯ᠎ᠠ ᠪᠠᠷ ᠬᠢ ᠪᠦᠷᠢᠯᠭᠡᠨ ᠰᠦᠢᠳᠬᠡᠬᠦ ᠶᠢ ᠡᠷᠡᠰ ᠢᠶᠠᠷ | ᠬᠤᠷᠢᠭᠯᠠᠨ ᠵᠣᠭᠰᠣᠭᠠᠵᠤ᠂ ᠠᠵᠢᠯᠴᠢ ᠠᠷᠪᠢᠴᠢ ᠭᠡᠷ ᠤᠨ ᠰᠤᠷᠲᠠᠯ ᠢ ᠲᠦᠷᠦᠭᠦᠯᠡᠨ ᠵᠠᠯᠭᠠᠮᠵᠢᠯᠠᠵᠤ᠂ ᠠᠷᠪᠢᠯᠠᠨ | ᠭᠠᠮᠨᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠤᠶ ᠪᠣᠯᠭᠠᠨ᠂ ᠠᠷᠪᠢᠯᠠᠨ ᠭᠠᠮᠨᠠᠬᠤ ᠣᠶᠢᠯᠠᠭᠠᠭᠳᠠᠬᠤᠨ ᠢ | ᠲᠦᠷᠦᠭᠦᠯᠡᠨ ᠤᠯᠠᠮᠵᠢᠯᠠᠵᠤ᠂ ᠪᠣᠯᠪᠠᠰᠤᠨ ᠪᠥᠭᠡᠳ ᠠᠷᠪᠢᠯᠠᠨ ᠭᠠᠮᠨᠠᠬᠤ ᠬᠡᠪ ᠰᠤᠷᠲᠠᠯ ᠢ ᠪᠠᠳᠠᠷᠠᠭᠤᠯᠬᠤ ᠬᠡᠷᠡᠭᠲᠡᠢ | ᠭᠡᠵᠦ ᠱᠠᠭᠠᠷᠳᠠᠵᠠᠢ᠃ | ᠠᠵᠢᠯᠯᠠᠭ᠎ᠠ ᠨᠢ ᠪᠠᠰᠠ ᠬᠠᠷᠢᠶ᠎ᠠ ᠣᠷᠣᠨ ᠤ ᠪᠠᠨ ᠬᠤᠳᠠᠯᠳᠤᠭᠠᠨ ᠤ ᠫᠦᠰᠡ ᠪᠣᠯᠣᠨ ᠮᠠᠯᠴᠢᠨ ᠲᠠᠷᠢᠶᠠᠴᠢᠨ ᠤ | ᠭᠡᠷ ᠲᠤ ᠭᠦᠨᠵᠡᠭᠡᠶᠢᠷᠡᠵᠦ᠂ ︽ᠬᠤᠭᠤᠰᠤᠨ ᠳ᠋ᠢᠰᠺ ᠬᠤᠳᠠᠯᠳᠤᠬᠤ ᠠᠵᠢᠯᠯᠠᠭ᠎ᠠ︾ ᠶᠢᠨ ᠰᠠᠨᠠᠭᠠᠴᠢᠯᠠᠭ᠎ᠠ ᠶᠢᠨ ᠪᠢᠴᠢᠭ | ᠲᠠᠷᠬᠠᠭᠠᠵᠤ᠂ ᠣᠯᠠᠨ ᠢᠶᠠᠷ ᠢᠶᠠᠨ ᠠᠯᠢ ᠴᠢᠳᠠᠬᠤ ᠪᠠᠷ ᠠᠷᠪᠢᠯᠠᠨ ᠭᠠᠮᠨᠠᠬᠤ ᠶᠢᠨ ᠳᠠᠭᠠᠭᠤᠯᠤᠭᠴᠢ᠂ ᠠᠬᠢᠭᠤᠯᠤᠭᠴᠢ | ᠪᠣᠯᠬᠤ ᠪᠠᠷ ᠴᠢᠷᠮᠠᠶᠢᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠬᠤ ᠶᠢ ᠵᠣᠷᠢᠭᠵᠢᠭᠤᠯᠵᠠᠢ᠃ | ᠲᠣᠰ ᠤᠳᠠᠭᠠᠨ ᠤ ᠠᠵᠢᠯᠯᠠᠭ᠎ᠠ ᠨᠢ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠤᠯᠠᠮ ᠨᠢᠭᠡ ᠠᠯᠬᠤᠮ | ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠶ ᠬᠡᠷᠡᠭᠯᠡᠭᠡᠨ ᠤ ᠦᠵᠡᠯᠲᠡ ᠪᠠ ᠠᠮᠢᠳᠤᠷᠠᠯ ᠤᠨ ᠵᠠᠩ | ᠳᠠᠳᠬᠠᠯ ᠢ ᠪᠣᠶ ᠪᠣᠯᠭᠠᠵᠤ᠂ ᠬᠠᠷᠢᠶ᠎ᠠ ᠣᠷᠣᠨ ᠳᠠᠭᠠᠨ ᠠᠯᠢ ᠴᠢᠳᠠᠬᠤ ᠪᠠᠷ ᠠᠷᠪᠢᠯᠠᠨ ᠭᠠᠮᠨᠠᠵᠤ ᠪᠦᠷᠢᠯᠭᠡᠨ | ᠰᠦᠢᠳᠬᠡᠬᠦ ᠶᠢ ᠡᠰᠡᠷᠭᠦᠴᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ | |