ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠪᠠᠶᠢᠯᠳᠤᠭᠠᠨ ᠢ ᠠᠬᠢᠭᠤᠯᠬᠤ ᠬᠤᠷᠠᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/4/7
   4 ᠰᠠᠷ᠎ᠠ ᠶᠢᠨ 5 ᠤ ᠡᠳᠦᠷ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠪᠠᠶᠢᠯᠳᠤᠭᠠᠨ ᠢ ᠲᠦᠯᠬᠢᠨ ᠠᠬᠢᠭᠤᠯᠬᠤ ᠬᠤᠷᠠᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠤᠷᠠᠯᠳᠤᠵᠤ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠪᠣᠯ ︽ᠤᠮᠠᠷᠠᠲᠤ ᠶᠢᠨ ᠭᠤᠷᠪᠠᠨ ᠣᠷᠣᠨ︾  ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠨᠢᠭᠡ ᠮᠥᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯ ᠪᠦᠭᠦ ᠠᠶᠢᠮᠠᠭ ᠤᠨ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠤ ᠭᠤᠣᠯ ᠲᠠᠯᠠᠪᠤᠷ ᠮᠥᠨ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠪᠠᠶᠢᠯᠳᠤᠭᠠᠨ ᠤ ᠬᠠᠪᠤᠷ ᠤᠨ ᠤᠯᠠᠷᠢᠯ ᠤᠨ ᠬᠠᠮᠲᠤᠷᠠᠭᠰᠠᠨ ᠳᠠᠶᠢᠯᠠᠯᠳᠤᠭᠠᠨ ᠤ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ᠃ ᠠᠶᠢᠮᠠᠭ ᠬᠤᠰᠢᠭᠤ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠥᠨᠳᠥᠷ ᠪᠠᠷᠢᠮᠵᠢᠶ᠎ᠠ ᠪᠠᠷ ᠠᠷᠭ᠎ᠠ ᠰᠦᠪᠡᠭᠴᠢᠯᠡᠵᠦ᠂ ᠥᠨᠳᠥᠷ ᠦᠷ᠎ᠡ ᠪᠦᠲᠦᠮᠵᠢᠲᠡᠶ ᠪᠠᠷ ᠲᠦᠯᠬᠢᠨ ᠠᠬᠢᠭᠤᠯᠵᠤ᠂ ︽ᠡᠬᠢᠯᠡᠯᠲᠡ ᠶᠢᠨ ᠴᠡᠭ ᠪᠣᠯ ᠰᠢᠪᠲᠤᠯᠤᠯᠲᠠ᠂ ᠡᠬᠢᠯᠡᠯᠲᠡ ᠶᠢᠨ ᠴᠡᠭ ᠪᠣᠯ ᠰᠢᠢᠳᠪᠦᠷᠢᠲᠦ ᠪᠠᠶᠢᠯᠳᠤᠭᠠᠨ︾ ᠬᠢᠬᠦ ᠣᠪᠣᠷ ᠢᠶᠠᠷ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠲᠡᠶᠢᠨ ᠤ ᠢᠯᠠᠯᠲᠠ ᠶᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠤᠯᠠᠨ ᠲᠦᠮᠡᠨ ᠢ ᠥᠷᠭᠡᠨ ᠢᠶᠠᠷ ᠤᠬᠠᠭᠤᠯᠤᠨ ᠲᠠᠶᠢᠴᠢᠯᠠᠵᠤ᠂ ᠬᠥᠲᠥᠯᠥᠨ ᠵᠢᠯᠤᠭᠤᠳᠴᠤ ᠪᠠᠶᠢᠭᠠᠳ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠦᠢᠯᠡᠰ ᠲᠤ ᠣᠷᠣᠯᠴᠠᠭᠤᠯᠵᠤ᠂ ᠪᠦᠬᠦ ᠨᠡᠶᠢᠭᠡᠮ ᠳᠤ ᠬᠥᠮᠥᠨ ᠪᠦᠬᠦᠨ ᠵᠠᠰᠠᠬᠤ ᠶᠢ ᠳᠡᠮᠵᠢᠬᠦ᠂ ᠬᠥᠮᠥᠨ ᠪᠦᠬᠦᠨ ᠵᠠᠰᠠᠬᠤ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠬᠡᠵᠡᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号