ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠪᠣᠯᠣᠨ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ | ᠱᠤᠭᠤᠮ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠦᠢᠯᠡᠰ ᠢ ᠯᠠᠪᠳᠠᠭᠤᠨ ᠪᠠᠲᠤᠲᠠᠢ ᠠᠬᠢᠭᠤᠯᠬᠤ ᠲᠠᠶᠢᠴᠢᠨ ᠪᠠᠬᠢᠯᠡᠯᠲᠡ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠨᠢ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ ᠲᠠᠢ ᠬᠠᠮᠲᠤᠷᠠᠨ ᠪᠦᠬᠦ ᠬᠤᠰᠢᠭᠤᠨ ᠤ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠤᠳᠤ | ᠪᠣᠯᠲᠠᠯ᠎ᠠ ᠨᠢᠭᠡᠨᠲᠡ 200 ᠭᠠᠷᠤᠢ ᠤᠳᠠᠭ᠎ᠠ ᠥᠷᠨᠢᠭᠦᠯᠵᠡᠢ᠃ | ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠲᠥᠪᠯᠡᠷᠡᠭᠦᠯᠦᠨ ᠰᠤᠷᠤᠯᠴᠠᠬᠤ ᠪᠠᠷ ᠳᠡᠮᠵᠢᠨ ︽ᠰᠢ ᠶᠢᠨ ᠫᠢᠩ᠄ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠵᠤ | ᠪᠠᠲᠤ ᠪᠠᠬᠢ ᠪᠤᠢ ᠪᠣᠯᠭᠠᠬᠤ ᠲᠤᠬᠠᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ ᠮᠡᠳᠡᠪᠡᠯ ᠵᠣᠬᠢᠬᠤ ᠶᠢ | ᠪᠠᠲᠤᠯᠠᠬᠤ ᠵᠡᠷᠭᠡ ᠠᠭᠤᠯᠭ᠎ᠠ ᠶᠢ ᠳᠠᠷᠤᠮᠠᠯᠯᠠᠨ ᠲᠠᠷᠬᠠᠭᠠᠵᠠᠢ᠃ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠲᠡᠨ ᠤ | ᠣᠨᠣᠯ ᠲᠥᠷᠥ ᠶᠢᠨ ᠪᠣᠳᠣᠯᠭ᠎ᠠ ᠶᠢᠨ ᠲᠤᠬᠠᠢ ᠣᠶᠢᠯᠠᠭᠠᠯᠲᠠ ᠪᠠ ᠡᠵᠡᠮᠰᠢᠯ ᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠢ ᠪᠣᠯᠭᠠᠬᠤ | ᠶᠠᠪᠤᠳᠠᠯ ᠢ ᠨᠠᠮ ᠤᠨ ᠭᠡᠰᠢᠭᠦᠨ ᠨᠢᠭᠡᠪᠦᠷᠢ ᠶᠢᠨ ᠰᠡᠳᠬᠢᠯ ᠤᠨ ᠭᠦᠨ ᠳᠤ ᠦᠨᠡᠨ ᠬᠦ ᠦᠨᠳᠦᠰᠦᠯᠡᠭᠦᠯᠵᠦ᠂ | ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ ᠪᠠ ᠦᠢᠯᠡ | ᠠᠵᠢᠯᠯᠠᠭ᠎ᠠ ᠶᠢᠨ ᠤᠬᠠᠮᠰᠠᠷ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ | ᠦᠢᠯᠡᠳᠦᠯᠭᠡᠵᠢᠭᠦᠯᠦᠭᠴᠢ ᠪᠣᠯᠬᠤ ᠶᠢ ᠪᠠᠷᠢᠮᠲᠠᠯᠠᠨ᠎ᠠ᠃ | ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠰᠠᠯᠪᠤᠷᠢ ᠪᠠᠭ᠎ᠠ ᠠᠩᠭᠢ︽ᠨᠠᠮ ᠤᠨ ᠲᠠᠭᠤᠨ ᠲᠦᠮᠡᠨ ᠡᠷᠦᠭᠡ ᠳᠤ | ᠳᠠᠭᠤᠷᠢᠰᠬᠤ︾ ᠠᠵᠢᠯᠯᠠᠭ᠎ᠠ ᠥᠷᠨᠢᠭᠦᠯᠵᠦ᠂ ᠰᠢᠨ᠎ᠡ ᠰᠣᠷᠭᠤᠭ ᠤᠯᠠᠨ ᠶᠠᠩᠵᠤ ᠶᠢᠨ ᠤᠳᠬ᠎ᠠ ᠤᠷᠠᠯᠢᠭ ᠤᠨ | ᠬᠡᠯᠪᠡᠷᠢ ᠪᠠᠷ ᠨᠠᠮ ᠤᠨ ᠤᠨᠤᠯ᠂ ᠲᠦᠷᠦ ᠶᠢᠨ ᠪᠣᠳᠣᠯᠭ᠎ᠠ ᠶᠢ ᠤᠬᠠᠭᠤᠯᠵᠤ᠂ ᠤᠯᠠᠨ ᠲᠦᠮᠡᠨ ᠤ ᠤᠶᠤᠨ ᠤ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠮ ᠤᠨ ᠲᠠᠭᠤᠨ ᠪᠣᠯᠣᠨ ᠬᠠᠯᠠᠮᠵᠢᠯᠠᠯ ᠢ ᠲᠦᠭ ᠲᠦᠮᠡᠨ ᠠᠶᠢᠯ | ᠡᠷᠦᠭᠡ ᠳᠤ ᠬᠦᠷᠭᠡᠵᠦ᠂ ᠠᠷᠠᠳ ᠤᠯᠠᠨ ᠤ ᠳᠡᠷᠭᠡᠳᠡ ᠬᠦᠷᠭᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ | ᠤᠶᠤᠨ ᠰᠠᠨᠠᠭᠠᠨ ᠤ ᠬᠦᠴᠦᠨ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠪᠡ︔ ᠬᠤᠰᠢᠭᠤᠨ ᠤ ᠬᠠᠤᠯᠢ ᠴᠠᠭᠠᠵᠠ ᠶᠢᠨ | ᠲᠣᠪᠴᠢᠶ᠎ᠠ ᠶᠢᠨ ︽ᠬᠠᠤᠯᠢ ᠴᠠᠭᠠᠵᠠ ᠶᠢᠨ ᠬᠤᠰᠢᠭᠤᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ | ᠬᠤᠰᠢᠭᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠥᠭᠵᠢᠯᠲᠦ ᠨᠡᠶᠢᠭᠡᠮ ᠲᠣᠭᠤᠷᠢᠭ ᠲᠤ ᠬᠦᠷᠴᠦ | ᠂ ︽ᠦᠨᠳᠦᠰᠦᠲᠡᠨ ᠤ ᠪᠦᠯᠬᠦᠮᠳᠡᠯ ᠬᠠᠤᠯᠢ ᠪᠠᠷ ᠵᠠᠰᠠᠬᠤ ᠦᠢᠯᠡᠴᠢᠯᠡᠭᠡᠨ ᠤ ᠰᠢᠭᠤᠳ ᠨᠡᠪᠲᠡᠷᠡᠬᠦ ᠲᠡᠷᠭᠡ︾ ᠶᠢ | ᠡᠬᠢᠯᠡᠭᠦᠯᠬᠦ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ᠂ ︽ᠬᠠᠤᠯᠢ ᠪᠠᠷ ᠵᠠᠰᠠᠬᠤ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠵᠦ᠂ ᠵᠢᠭᠡᠯᠡᠯᠭᠡ ᠶᠢᠨ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ︾ ᠪᠠᠷ ᠭᠤᠣᠯ ᠰᠡᠳᠦᠪ ᠪᠣᠯᠭᠠᠭᠰᠠᠨ ︽ | ᠬᠠᠤᠯᠢ ᠶᠢ ᠨᠡᠶᠢᠭᠡᠮ ᠲᠣᠭᠤᠷᠢᠭ ᠲᠤ ᠬᠦᠷᠭᠡᠬᠦ︾ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠦᠨ᠎ᠡ︔ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠡᠭᠦᠷ | ᠮᠠᠯᠴᠢᠨ ᠲᠠᠷᠢᠶᠠᠴᠢᠨ ᠤ ᠭᠡᠷ ᠲᠤ ᠭᠦᠨᠵᠡᠭᠡᠶᠢᠷᠡᠵᠦ᠂ ᠮᠠᠯᠴᠢᠨ ᠲᠠᠷᠢᠶᠠᠴᠢᠨ ᠲᠠᠢ ᠨᠢᠭᠤᠷᠲᠠᠨ ᠶᠠᠷᠢᠯᠴᠠᠵᠤ᠂ ᠨᠠᠮ ᠤᠨ | ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠦᠨᠳᠦᠰᠦᠲᠡᠨ ᠤ ᠲᠥᠷᠥ ᠶᠢᠨ | ᠪᠣᠳᠣᠯᠭ᠎ᠠ ᠵᠡᠷᠭᠡ ᠠᠭᠤᠯᠭ᠎ᠠ ᠶᠢ ᠤᠬᠠᠭᠤᠯᠵᠤ᠂ ᠨᠠᠮ ᠤᠨ ᠭᠡᠰᠢᠭᠦᠨ ᠪᠣᠯᠣᠨ ᠣᠯᠠᠨ ᠲᠦᠮᠡᠨ ᠤ ᠬᠤᠭᠤᠷᠣᠨᠳᠣᠬᠢ | ᠵᠠᠢ ᠶᠢ ᠥᠷᠭᠡᠳᠬᠡᠵᠡᠢ᠃ | ᠬᠤᠰᠢᠭᠤᠨ ᠤ ᠮᠦᠽᠧᠢ ᠶᠢᠨ ᠨᠠᠮ ᠤᠨ ᠡᠭᠦᠷ︽ᠬᠠᠭᠠᠰ ᠬᠥᠨᠵᠢᠯᠡ ᠶᠢᠨ ᠦᠯᠢᠭᠡᠷ︾᠂ ︽ᠶᠠᠫᠤᠨ ᠢ | ᠡᠰᠡᠷᠭᠦᠴᠡᠭᠰᠡᠨ ᠠᠯᠳᠠᠷᠲᠤ ᠪᠠᠭᠠᠲᠤᠷ ᠶᠠᠩ ᠵᠢᠩ ᠢᠦᠢ︾ ᠭᠡᠬᠦ ᠰᠡᠳᠦᠪ ᠢᠶᠠᠷ ᠬᠤᠪᠢᠰᠬᠠᠯ ᠤᠨ ᠦᠯᠢᠭᠡᠷ ᠢ ᠶᠠᠷᠢᠵᠤ᠂ | ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠵᠣᠷᠢᠭ ᠰᠠᠨᠠᠭ᠎ᠠ ᠵᠠᠩ ᠴᠢᠨᠠᠷ ᠢ ᠭᠦᠨᠵᠡᠭᠡᠢ ᠣᠶᠢᠯᠠᠭᠠᠨ᠂ | ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠴᠢᠨᠠᠭᠰᠢᠳᠠ ᠬᠥᠭᠵᠢᠭᠡᠵᠦ᠂ ᠠᠷᠠᠳ ᠲᠦᠮᠡᠨ ᠳᠤ ᠦᠢᠯᠡᠴᠢᠯᠡᠬᠦ | ᠵᠣᠷᠢᠯᠲᠠ ᠪᠠᠨ ᠪᠠᠲᠤᠳᠬᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠲᠠᠯ᠎ᠠ ᠪᠠᠷ ᠥᠪᠡᠷ ᠤᠨ ᠬᠦᠴᠦᠨ ᠴᠢᠳᠠᠯ ᠢᠶᠠᠨ ᠡᠷᠭᠦᠪᠡ︔ ᠬᠤᠰᠢᠭᠤᠨ ᠤ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ ᠤᠨ ᠨᠠᠮ ᠤᠨ ᠡᠭᠦᠷ ︽ᠳᠤᠮᠳᠠᠳᠤ ᠶᠢᠨ ᠰᠣᠶᠣᠯ ᠢ ᠤᠯᠠᠨ ᠢᠶᠠᠷ ᠢᠶᠠᠨ | ᠰᠤᠷᠤᠯᠴᠠᠬᠤ︱ ᠴᠠᠭ ᠤᠯᠠᠷᠢᠯ ᠤᠨ ᠳᠣᠲᠣᠷᠠᠬᠢ ᠪᠠᠲᠤᠴᠠᠭᠠᠨ ᠤ ᠮᠣᠷᠢᠨ ᠪᠠᠯᠭᠠᠰᠤ︾ ᠶᠢᠨ ᠠᠵᠢᠯᠯᠠᠭ᠎ᠠ ᠶᠢ | ᠥᠷᠨᠢᠭᠦᠯᠵᠦ᠂ ᠬᠤᠷᠢᠨ ᠲᠦᠷᠪᠡᠨ ᠴᠠᠭ ᠤᠯᠠᠷᠢᠯ ᠤᠨ ᠴᠠᠭ ᠠᠭᠤᠷ ᠤᠨ ᠬᠤᠪᠢᠷᠠᠯᠲᠠ ᠪᠣᠯᠣᠨ ᠲᠤᠬᠠᠢ ᠶᠢᠨ | ᠭᠠᠵᠠᠷ ᠤᠨ ᠮᠠᠯᠴᠢᠨ ᠲᠠᠷᠢᠶᠠᠴᠢᠨ ᠤ ᠵᠠᠩ ᠳᠠᠳᠬᠠᠯ ᠲᠠᠢ ᠤᠶᠠᠯᠳᠤᠭᠤᠯᠵᠤ᠂ ᠬᠤᠷᠢᠨ ᠲᠦᠷᠪᠡᠨ ᠴᠠᠭ ᠤᠯᠠᠷᠢᠯ ᠳᠤ | ᠠᠭᠤᠯᠤᠭᠳᠠᠵᠤ ᠪᠠᠶᠢᠭ᠎ᠠ ᠡᠯᠪᠡᠭ ᠪᠠᠶᠠᠯᠢᠭ ᠰᠣᠶᠣᠯ ᠤᠨ ᠠᠭᠤᠯᠬᠤᠨ ᠢ ᠰᠤᠷᠤᠯᠴᠠᠨ᠎ᠠ︔ ᠬᠤᠰᠢᠭᠤᠨ ᠤ ᠨᠠᠮ ᠤᠨ | ᠬᠤᠷᠢᠶᠠᠨ ᠤ ᠲᠣᠭᠤᠷᠢᠨ ᠪᠠᠶᠢᠴᠠᠭᠠᠬᠤ ᠪᠠᠶᠢᠭᠤᠯᠤᠮᠵᠢ ᠶᠢᠨ ᠨᠠᠮ ᠤᠨ ᠡᠭᠦᠷ ︽ᠮᠦᠸᠧᠽᠢ ᠶᠢᠨ ᠪᠠᠶᠢᠭᠤᠯᠤᠯᠭ᠎ᠠ︾ | ᠶᠢᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠰᠣᠶᠣᠯ | ᠤᠷᠠᠯᠢᠭ ᠤᠨ ᠬᠡᠯᠪᠡᠷᠢ ᠪᠠᠷ ᠡᠯ᠎ᠡ ᠦᠨᠳᠦᠰᠦᠲᠡᠨ ᠤ ᠲᠣᠭᠤᠷᠢᠨ ᠪᠠᠶᠢᠴᠠᠭᠠᠬᠤ ᠺᠠᠳ᠋ᠷ ᠣᠯᠠᠨ ᠲᠦᠮᠡᠨ ᠳᠤ ᠨᠠᠮ ᠤᠨ | ᠦᠭᠡ ᠬᠡᠯᠡ ᠥᠰᠥᠭ ᠪᠢᠴᠢᠭ ᠤᠨ ᠦᠢᠯᠡᠰ ᠤᠨ ᠬᠥᠭᠵᠢᠯᠲᠡ ᠶᠢᠨ ᠲᠡᠦᠬᠡ ᠶᠢ ᠭᠦᠢᠴᠡᠳ ᠣᠶᠢᠯᠠᠭᠠᠭᠤᠯᠵᠤ᠂ | ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠦᠵᠡᠯ ᠰᠠᠨᠠᠭᠠᠨ ᠤ ᠲᠠᠯ᠎ᠠ ᠪᠠᠷ ᠬᠢ ᠤᠬᠠᠮᠰᠠᠷᠲᠤ | ᠮᠡᠳᠡᠷᠡᠮᠵᠢ ᠶᠢ ᠨᠡᠮᠡᠭᠳᠡᠭᠦᠯᠦᠨ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠵᠠᠯᠭᠠᠮᠵᠢᠯᠠᠬᠤ ᠶᠢ ᠬᠥᠲᠥᠯᠥᠨ ᠵᠢᠯᠣᠭᠤᠳᠤᠨ᠎ᠠ᠃ |