ᠠᠢ ᠯᠢ ᠬᠤᠸᠠ ᠣᠷᠣᠯᠴᠠᠵᠠᠢ | 4 ᠰᠠᠷ᠎ᠠ ᠶᠢᠨ 2 ᠤᠨ ᠡᠳᠦᠷ᠂ ᠪᠦᠬᠦ ᠣᠷᠣᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠭᠰᠠᠳ ᠢ ᠲᠤᠷᠠᠰᠤᠨ | ᠰᠠᠨᠠᠭᠠᠯᠵᠠᠬᠤ ᠠᠵᠢᠯᠯᠠᠭ᠎ᠠ ᠥᠪᠥᠷ ᠮᠣᠩᠭᠤᠯ ᠤᠨ ᠠᠮᠢ ᠨᠠᠰᠤᠨ ᠤ ᠮᠠᠭᠳᠠᠭᠠᠯ ᠤᠨ ᠬᠦᠷᠢᠶᠡᠯᠡᠩ ᠳᠤ ᠶᠠᠪᠤᠭᠳᠠᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ | ᠨᠡᠷ᠎ᠡ ᠬᠦᠨᠳᠦᠲᠦ ᠳᠡᠳ᠋ ᠳᠠᠷᠤᠭ᠎ᠠ ᠠᠢ ᠯᠢ ᠬᠤᠤᠨ ᠠᠵᠢᠯᠯᠠᠭ᠎ᠠ ᠳᠤ ᠤᠷᠤᠯᠴᠠᠵᠠᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠣᠷᠭᠤᠭ ᠴᠡᠴᠡᠭ ᠬᠦᠷᠭᠡᠬᠦ᠂ ︽ᠠᠮᠢ ᠨᠠᠰᠤᠨ ᠤ ᠮᠣᠳᠣ︾ | ᠵᠠᠶᠢᠯᠠᠬᠤ ᠵᠡᠷᠭᠡ ᠬᠡᠯᠪᠡᠷᠢ ᠪᠠᠷ ᠪᠡᠶ᠎ᠡ ᠶᠢᠨ ᠡᠷᠬᠡᠲᠡᠨ ᠢᠶᠠᠨ ᠬᠠᠨᠳᠢᠪᠯᠡᠭᠰᠠᠳ ᠢ ᠲᠤᠷᠠᠰᠤᠨ ᠰᠠᠨᠠᠭᠠᠯᠵᠠᠵᠦ᠂ ︽ | ᠪᠡᠶ᠎ᠡ ᠶᠢᠨ ᠡᠷᠬᠡᠲᠡᠨ ᠢᠶᠠᠨ ᠬᠠᠨᠳᠢᠪᠯᠡᠬᠤ ᠪᠠ ᠰᠢᠯᠵᠢᠭᠦᠯᠬᠦ ᠳᠦᠷᠢᠮ︾ ᠢ ᠤᠬᠠᠭᠤᠯᠵᠤ᠂ ᠨᠠᠩ ᠣᠯᠠᠨ ᠬᠠᠯᠠᠭᠤᠨ | ᠰᠡᠳᠬᠢᠯᠳᠤ ᠬᠥᠮᠥᠰ ᠤᠨ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠰᠠᠶᠢᠨ ᠳᠤᠷᠠᠴᠤᠤᠯ ᠢᠶᠠᠷ ᠲᠠᠩᠰᠠᠯᠠᠭᠤᠯᠬᠤ ᠶᠢ | ᠤᠷᠢᠶᠠᠯᠠᠪᠠ᠃ | ᠣᠶᠢᠯᠠᠭᠠᠭᠰᠠᠨ ᠢᠶᠠᠷ᠂ ᠮᠠᠨ ᠤ ᠣᠷᠣᠨ 2011 ᠣᠨ ᠳᠤ ᠪᠡᠶ᠎ᠡ ᠶᠢᠨ ᠡᠷᠬᠡᠲᠡᠨ ᠢᠶᠠᠨ ᠬᠠᠨᠳᠢᠪᠯᠡᠬᠤ ᠠᠵᠢᠯ ᠢ | ᠪᠥᠬᠦ ᠲᠠᠯ᠎ᠠ ᠪᠠᠷ ᠡᠬᠢᠯᠡᠭᠦᠯᠵᠦ᠂ ᠣᠳᠣᠬᠠᠨ ᠳᠤ ᠪᠥᠬᠦ ᠣᠷᠣᠨ ᠳᠤ ᠨᠢᠭᠡᠨᠲᠡ 8.5 ᠲᠦᠮᠡ ᠭᠠᠷᠤᠢ ᠬᠥᠮᠥᠨ | ᠪᠡᠶ᠎ᠡ ᠶᠢᠨ ᠡᠷᠬᠡᠲᠡᠨ ᠢᠶᠠᠨ ᠬᠠᠨᠳᠢᠪᠯᠡᠬᠤ ᠰᠠᠶᠢᠨ ᠳᠤᠷᠠᠴᠤᠤᠯ ᠢᠶᠠᠷ ᠳᠡᠩᠰᠡᠯᠠᠭᠤᠯᠵᠦ᠂ 451 ᠬᠥᠮᠥᠨ ᠨᠠᠰᠤ | ᠪᠠᠷᠠᠭᠰᠠᠨ ᠤ ᠳᠠᠷᠠᠭ᠎ᠠ ᠪᠡᠶ᠎ᠠ ᠶᠢᠨ ᠡᠷᠭᠡᠳᠡᠨ ᠢᠶᠠᠨ ᠬᠠᠨᠳᠢᠪᠯᠡᠪᠠ᠃ |