ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠤᠰᠬᠠᠢ ᠰᠡᠳᠦᠪᠲᠦ ᠬᠤᠷᠠᠯ ᠶᠠᠪᠤᠬᠳᠠᠵᠠᠢ
ᠨᠡᠶᠢᠲᠡᠯᠡᠭᠰᠡᠨ ᠴᠠᠭ᠄
2024/4/7
   ᠶᠠᠩ ᠵᠢᠶᠧ ᠶᠠᠷᠢᠶ᠎ᠠ ᠲᠠᠯᠪᠢᠪᠠ   4 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 11 ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠤᠰᠬᠠᠢ ᠰᠡᠳᠦᠪᠲᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠶᠢᠨ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃   ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠬᠦ ᠠᠵᠢᠯ ᠤᠨ ᠤᠷᠳᠤ ᠬᠤᠭᠤᠴᠠᠭᠠᠨ ᠤ ᠪᠦᠲᠦᠮᠵᠢᠲᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠤᠷᠭᠠᠭᠤᠯᠢ ᠭᠡᠷ ᠪᠦᠯᠢ ᠨᠡᠶᠢᠭᠡᠮ ᠤᠨ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠶᠡᠭᠡ ᠪᠠᠷ ᠠᠬᠢᠭᠤᠯᠵᠤ᠂ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠪᠠᠲᠤ ᠰᠠᠬᠢᠬᠤ ᠬᠡᠷᠡᠭᠲᠡᠢ᠃ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠨᠢᠭᠡ ᠤᠳᠠᠭᠠᠨ ᠤ ︽ᠲᠦᠢᠯᠪᠦᠷᠢᠳᠡᠢ ᠪᠠᠶᠢᠴᠠᠭᠠᠬᠤ ᠮᠠᠶ᠋ᠢᠭ︾ ᠤᠨ ᠶᠡᠭᠡ ᠵᠢᠭᠰᠠᠭᠠᠨ ᠪᠠᠶᠢᠴᠠᠭᠠᠯᠲᠠ ᠥᠷᠨᠢᠭᠦᠯᠵᠦ᠂ ᠳᠣᠷᠣᠮᠵᠢᠯᠠᠯ ᠤᠨ ᠦᠢᠯᠡ ᠠᠵᠢᠯᠯᠠᠭ᠎ᠠ ᠳᠤ ︽ᠥᠴᠥᠬᠡᠨ ᠴᠦ ᠢᠯᠳᠠᠷ ᠬᠠᠶᠠᠬᠤ ᠦᠭᠡᠢ︾ ᠪᠠᠶᠢᠬᠤ ᠶᠢ ᠪᠠᠷᠢᠮᠲᠠᠯᠠᠨ᠂ ᠳᠣᠷᠣᠮᠵᠢᠯᠠᠯ ᠤᠨ ᠬᠡᠷᠡᠭ ᠢ ︽ᠨᠢᠭᠡ ᠶᠢ ᠴᠦ ᠵᠦᠭᠡᠷ ᠲᠠᠯᠪᠢᠬᠤ ᠦᠭᠡᠢ︾ ᠪᠠᠶᠢᠵᠤ᠂ ᠰᠤᠷᠭᠠᠭᠤᠯᠢ ᠶᠢᠨ ᠬᠦᠷᠢᠶ᠎ᠡ ᠶᠢ ᠬᠠᠮᠤᠭ ᠤᠨ ᠠᠮᠤᠷ ᠲᠦᠪᠰᠢᠨ᠂ ᠬᠠᠮᠤᠭ ᠤᠨ ᠦᠬᠡᠳᠡᠷᠭᠡᠭ ᠭᠠᠵᠠᠷ ᠪᠣᠯᠭᠠᠨ ᠪᠠᠶᠢᠭᠤᠯᠬᠤ ᠬᠡᠷᠡᠭᠲᠡᠢ ᠬᠡᠵᠦ ᠱᠠᠭᠠᠷᠳᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号