ᠬᠤᠸᠠᠩ ᡁᠢ ᠴᠢᠶᠠᠩ ᠶᠠᠷᠢᠶ᠎ᠠ ᠲᠠᠯᠪᠢᠵᠠᠢ | 4 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠬᠦᠷᠢᠶ᠎ᠡ ᠴᠠᠷᠠᠭ᠎ᠠ ᠳᠠᠬᠢ ᠲᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ | ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | | ᠬᠤᠸᠠᠩ ᡁᠢ ᠴᠢᠶᠠᠩ᠂ ᠤᠯᠠᠨ ᠨᠡᠶᠢᠲᠡ ᠶᠢᠨ ᠡᠬᠢ ᠪᠠᠶᠠᠯᠢᠭ ᠪᠣᠯ ︽ᠨᠡᠶᠢᠲᠡ ᠶᠢᠨ ᠬᠢ︾ ᠭᠡᠳᠡᠭ ᠢ ᠪᠠᠲᠤ | ᠴᠡᠭᠡᠵᠢᠯᠡᠵᠦ᠂ ᠠᠷᠠᠳ ᠲᠤ ᠬᠡᠷᠡᠭᠯᠡᠵᠤ᠂ ᠠᠷᠠᠳ ᠲᠤ ᠠᠰᠢᠭ ᠬᠦᠷᠲᠡᠭᠡᠵᠦ᠂ ᠠᠷᠠᠳ ᠲᠤ ᠲᠤᠰᠠ ᠬᠦᠷᠭᠡᠬᠦ ᠬᠡᠷᠡᠭᠳᠡᠢ | ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦᠨ ᠢ ᠪᠦᠷᠬᠦᠬᠦᠯᠵᠦ᠂ ᠪᠦᠬᠦ | ᠲᠠᠯ᠎ᠠ ᠪᠠᠷ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠵᠤ᠂ ᠭᠤᠯᠳᠤ ᠪᠠᠷ ᠲᠤᠭᠤᠰᠢᠲᠠᠢ᠂ | ᠬᠥᠨᠳᠡᠯᠡᠨ ᠢᠶᠠᠷ ᠪᠦᠬᠦᠨ ᠢ ᠪᠦᠷᠬᠦᠬᠦᠯᠬᠦ᠂ ᠬᠤᠭᠤᠰᠤᠨ ᠦᠯᠡᠳᠡᠭᠡᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ | ᠪᠠᠶᠢᠬᠤ ᠶᠢ ᠪᠡᠶᠡᠯᠡᠬᠦᠯᠬᠦ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠰᠡᠬᠦᠯᠴᠢ ᠶᠢᠨ ᠬᠡᠰᠡᠭ ᠠᠵᠢᠯ ᠢ | ᠰᠠᠶᠢᠲᠤᠷ ᠠᠳᠬᠤᠵᠤ᠂ ᠬᠠᠨᠳᠤᠯᠭᠠᠲᠤ ᠴᠢᠨᠠᠷᠲᠠᠢ ᠪᠠᠷ ᠠᠷᠬᠠᠭ ᠬᠡᠮ ᠢ ᠵᠠᠰᠠᠵᠤ᠂ ᠨᠢᠭᠡ ᠪᠦᠯᠦᠭ ᠨᠢᠳᠤᠨ ᠳᠤ | ᠦᠵᠡᠭᠳᠡᠮ᠎ᠡ᠂ ᠭᠠᠷ ᠲᠤ ᠪᠠᠷᠢᠭᠳᠠᠮ᠎ᠠ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠲᠦᠷᠭᠡᠨ | ᠪᠦᠷᠢᠯᠳᠦᠭᠦᠯᠬᠦ ᠬᠡᠷᠡᠭᠲᠡᠢ᠃ ᠲᠦᠷᠢᠮ ᠲᠣᠭᠲᠠᠴᠠ ᠶᠢ ᠱᠠᠯᠠᠪᠳᠠᠨ ᠲᠡᠭᠦᠯᠳᠡᠷᠵᠢᠭᠦᠯᠵᠦ᠂ ᠲᠦᠷᠢᠮ ᠢᠶᠠᠷ ᠬᠥᠮᠦᠨ ᠢ | ᠬᠠᠮᠢᠶᠠᠷᠴᠤ᠂ ᠶᠠᠪᠤᠴᠠ ᠪᠠᠷ ᠤᠴᠢᠷ ᠶᠠᠪᠤᠳᠠᠯ ᠢ ᠬᠠᠮᠢᠶᠠᠷᠴᠤ᠂ ᠡᠷᠬᠡ ᠲᠡᠭᠰᠢ ᠲᠥᠪ ᠭᠤᠣᠯᠴᠢ᠂ ᠵᠢᠷᠤᠮᠵᠢᠩᠭᠤᠢ | ᠥᠨᠳᠥᠷ ᠪᠦᠲᠦᠮᠵᠢᠲᠡᠢ᠂ ᠢᠯᠡ ᠲᠣᠳᠣ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ | ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠬᠡᠯᠡᠪᠡ᠃ |