ᠰᠢ ᠶᠢᠨ ᠫᠢᠩ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ — ᠪᠥᠬᠦ ᠠᠷᠠᠳ ᠢᠶᠠᠷ ᠢᠶᠠᠨ ᠮᠣᠳᠣ ᠳᠠᠷᠢᠵᠤ ᠨᠣᠭᠤᠭᠠᠷᠠᠭᠤᠯᠦᠨ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠬᠠᠮᠲᠤ ᠪᠠᠷ ᠪᠥᠲᠥᠭᠡᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/4/7
   ᠯᠢ ᠴᠢᠶᠠᠩ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ ᠣᠷᠣᠯᠴᠠᠪᠠ   ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 3 ᠤ ᠦᠳᠡ ᠶᠢᠨ ᠡᠮᠦᠨ᠎ᠡ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠳᠠᠭᠠᠨ᠂ ᠬᠠᠩᠰᠢ ᠶᠢᠨ ᠡᠳᠦᠷ ᠤᠨ ᠤᠷᠢᠳ ᠬᠤᠵᠢᠳ ᠢᠶᠠᠷ ᠳᠤᠮᠳᠠᠳᠤ ᠶᠢᠨ ᠡᠬᠡ ᠭᠠᠵᠠᠷ ᠲᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠶᠠᠭ ᠮᠣᠳᠣ ᠲᠠᠷᠢᠬᠤ ᠰᠠᠶᠢᠬᠠᠨ ᠴᠠᠭ ᠪᠤᠯᠤᠨ᠎ᠠ᠃ ᠡᠨᠡ ᠡᠳᠦᠷ ᠪᠢᠳᠡ ᠬᠠᠮᠲᠤ ᠪᠠᠷ ᠮᠣᠳᠣ ᠲᠠᠷᠢᠬᠤ ᠨᠢ ᠳᠠᠷᠤᠢ ᠤᠯᠠᠨ ᠢᠶᠠᠷ ᠢᠶᠠᠨ ᠬᠥᠳᠡᠯᠦᠯᠴᠡᠵᠦ᠂ ᠮᠣᠳᠣ ᠲᠠᠷᠢᠵᠤ ᠣᠶᠢᠵᠢᠭᠤᠯᠬᠤ ᠳᠤ ᠢᠳᠡᠪᠬᠢᠲᠡᠢ ᠣᠷᠣᠯᠴᠠᠵᠤ᠂ ᠬᠥᠮᠦᠨ ᠪᠦᠬᠦᠨ ᠨᠣᠭᠤᠭᠠᠨ ᠦᠩᠬᠡ ᠶᠢᠨ ᠡᠯᠴᠢᠨ᠂ ᠠᠮᠢ ᠠᠬᠤᠢ ᠶᠢᠨ ᠬᠤᠰᠢᠭᠤᠴᠢ ᠪᠣᠯᠬᠤ ᠪᠠᠷ ᠴᠢᠷᠮᠠᠶᠢᠵᠤ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠳᠤ ᠨᠣᠭᠤᠭᠠᠨ ᠦᠩᠬᠡ ᠨᠡᠮᠡᠷᠢᠯᠡᠵᠦ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠶᠢ ᠤᠷᠢᠶᠠᠯᠠᠵᠤ ᠪᠠᠶᠢᠨ᠎ᠠ ᠭᠡᠵᠦ ᠴᠢᠬᠤᠯᠠᠴᠢᠯᠠᠪᠠ᠃
16.png
   ᠪᠡᠭᠡᠵᠢᠩ ᠤᠨ ᠬᠤᠳᠠ ᠶᠢᠨ ᠲᠡᠭᠦᠷᠭᠡ ᠳᠤ ᠬᠠᠪᠤᠷ ᠤᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ ᠦᠳᠡ ᠶᠢᠨ ᠡᠮᠦᠨᠡᠬᠢ 10 ᠴᠠᠭ 40 ᠮᠢᠨᠦ᠋ᠲ ᠤᠨ ᠦᠶ᠎ᠡ ᠪᠠᠷ ᠨᠠᠮ ᠪᠠ ᠲᠥᠷᠥ ᠶᠢᠨ ᠤᠳᠤᠷᠢᠳᠬᠤ ᠬᠥᠮᠦᠨ ᠰᠢ ᠶᠢᠨ ᠫᠢᠩ᠂ ᠯᠢ ᠴᠢᠶᠠᠩ᠂ ᠵᠣᠣ ᠯᠧ ᠵᠢᠶ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠡᠷ ᠬᠠᠮᠳᠤ ᠪᠠᠷ ᠮᠠᠰᠢᠨ ᠲᠡᠷᠭᠡᠨ ᠳᠤ ᠰᠠᠭᠤᠵᠤ ᠪᠡᠭᠡᠵᠢᠩ ᠬᠤᠲᠠ ᠶᠢᠨ ᠲᠦᠩᠵᠸᠦ ᠲᠣᠭᠤᠷᠢᠭ ᠤᠨ ᠯᠦᠴᠧᠩ ᠪᠠᠯᠭᠠᠰᠤᠨ ᠳᠤ ᠬᠦᠷᠴᠦ᠂ ᠨᠡᠶᠢᠰᠯᠡᠯ ᠤᠨ ᠣᠯᠠᠨ ᠲᠦᠮᠡᠨ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃   ᠮᠣᠳᠣ ᠲᠠᠷᠢᠬᠤ ᠭᠠᠵᠠᠷ ᠨᠢ ᠪᠡᠭᠡᠵᠢᠩ ᠬᠤᠳᠠ ᠶᠢᠨ ᠲᠦᠩᠵᠸᠤ ᠲᠣᠭᠤᠷᠢᠭ ᠪᠣᠯᠤᠨ ᠾᠤᠪᠸᠢ ᠮᠤᠵᠢ ᠶᠢᠨ ᠯᠠᠩᠹᠠᠩ ᠬᠤᠳᠠ ᠶᠢᠨ ᠬᠤᠶᠢᠳᠤ ᠭᠤᠷᠪᠠᠨ ᠰᠢᠶᠠᠨ ᠤ ᠠᠭᠤᠯᠵᠠᠷ ᠲᠠᠬᠢ ᠴᠤᠤ ᠪᠡᠢ ᠾᠤ᠋ ᠭᠤᠣᠯ ᠤᠨ ᠬᠥᠪᠡᠭᠡᠨ ᠳᠠᠬᠢ ᠪᠡᠭᠡᠵᠢᠩ ᠾᠤᠪᠸᠢ ᠶᠢᠨ ᠠᠩᠬᠠᠳᠠᠭᠴᠢ ᠬᠢᠯᠢ ᠠᠯᠤᠰᠯᠠᠨ ᠬᠠᠮᠲᠤ ᠪᠠᠷ ᠪᠠᠶᠢᠭᠤᠯᠤᠭᠰᠠᠨ ᠤᠢ ᠰᠢᠭᠤᠢ ᠶᠢᠨ ᠴᠡᠴᠡᠷᠯᠢᠭ ᠲᠤ ᠪᠠᠶᠢᠷᠢᠯᠠᠵᠤ ᠂ ᠤᠰᠤ ᠶᠢ ᠬᠠᠪᠢᠳᠠᠬᠰᠠᠨ ᠮᠠᠰᠢ ᠰᠠᠶᠢᠨ ᠠᠮᠢ ᠠᠬᠤᠢ ᠶᠢᠨ ᠨᠥᠬᠦᠴᠡᠯ ᠲᠠᠢ ᠶᠤᠮ᠃ᠶᠡᠷᠦᠩᠬᠡᠢ ᠱᠦᠵᠢ ᠢᠷᠡᠭᠰᠡᠨ ᠢ ᠦᠵᠡᠭᠡᠳ ᠮᠣᠳᠣ ᠲᠠᠷᠢᠵᠤ ᠪᠠᠶᠢᠭᠰᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠲᠠᠢ ᠬᠠᠯᠠᠭᠤᠮᠰᠤᠭ ᠢᠶᠠᠷ ᠮᠡᠨᠳᠦᠴᠢᠯᠡᠪᠡ᠃ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ ᠬᠦᠷᠵᠡ ᠪᠠᠷᠢᠨ ᠮᠣᠳᠣ ᠲᠠᠷᠢᠬᠤ ᠭᠠᠵᠠᠷ ᠲᠤ ᠬᠦᠷᠴᠦ᠂ ᠪᠡᠭᠡᠵᠢᠩ ᠬᠤᠳᠠ᠂ ᠤᠯᠤᠰ ᠤᠨ ᠤᠢ ᠰᠢᠭᠤᠢ ᠪᠠ ᠲᠠᠯ᠎ᠠ ᠨᠤᠲᠤᠭ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠵᠢᠴᠢ ᠨᠡᠶᠢᠰᠯᠡᠯ ᠤᠨ ᠺᠠᠳ᠋ᠷ ᠤᠯᠠᠨ ᠲᠦᠮᠡᠨ᠂ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠲᠠᠢ ᠬᠠᠮᠲᠤ ᠶᠠᠭᠠᠷᠠᠯᠳᠤᠵᠤ ᠡᠬᠢᠯᠡᠪᠡ᠃   ᠬᠦᠷᠵᠡ ᠪᠠᠷᠢᠨ ᠨᠦᠬᠡ ᠮᠠᠯᠳᠠᠵᠤ᠂ ᠬᠦᠷᠢᠶᠡᠯᠡᠨ ᠬᠠᠰᠢᠵᠤ᠂ ᠰᠠᠭᠤᠯᠠᠭ᠎ᠠ ᠳᠡᠭᠦᠵᠢᠯᠡᠨ ᠤᠰᠤ ᠵᠦᠬᠡᠬᠡᠨ᠎ᠠ ᠁ ᠰᠢ ᠶᠢᠨ ᠫᠢᠩ ᠨᠠᠷᠠᠰᠤᠨ ᠮᠣᠳᠣ᠂ ᠰᠢᠷ᠎ᠠ ᠴᠠᠶᠢᠷ ᠮᠤᠳᠤ᠂ ᠬᠠᠲᠠᠭᠤ ᠴᠠᠭᠠᠨ᠂ ᠢᠩᠲᠣᠣᠷ᠂ ᠤᠯᠠᠭᠠᠨ ᠨᠠᠪᠴᠢᠲᠤ ᠪᠢᠨᠳᠡᠷ ᠴᠡᠴᠡᠭ᠂ ᠬᠠᠪᠲᠠᠭᠠᠢ ᠠᠷᠴᠠ ᠵᠡᠷᠭᠡ ᠤᠯᠠᠨ ᠴᠢᠬᠢ ᠮᠣᠳᠣ ᠶᠢ ᠵᠠᠯᠭᠠᠭ᠎ᠠ ᠪᠠᠷ ᠲᠠᠷᠢᠪᠠ᠃ ᠰᠢ ᠶᠢᠨ ᠫᠢᠩ ᠮᠣᠳᠣ ᠳᠠᠷᠢᠬᠤ ᠶᠢᠨ ᠳᠠᠭᠠᠤ ᠬᠡᠦᠬᠡᠳ ᠤᠨ ᠰᠤᠷᠤᠯᠭ᠎ᠠ ᠠᠮᠢᠳᠤᠷᠠᠯ᠂ ᠬᠥᠳᠡᠯᠮᠦᠷᠢᠯᠡᠵᠦ ᠲᠡᠪᠳᠡᠨ ᠪᠣᠯᠪᠠᠰᠤᠷᠠᠵᠤ ᠪᠠᠶᠢᠭ᠎ᠠ ᠪᠠᠶᠢᠳᠠᠯ ᠢ ᠠᠰᠠᠭᠤᠪᠠ᠃ ᠲᠡᠷᠡ᠂ ᠥᠷᠭᠡᠨ ᠣᠯᠠᠨ ᠵᠠᠯᠠᠭᠤᠴᠤᠳ ᠪᠠᠭᠠᠴᠤᠳ ᠪᠣᠯ ᠡᠬᠡ ᠤᠯᠤᠰ ᠤᠨ ᠢᠷᠡᠭᠡᠳᠦᠶ ᠮᠥᠨ᠂ ᠬᠠᠷᠠᠬᠠᠨ ᠪᠠᠭ᠎ᠠ ᠠᠴᠠ ᠪᠠᠨ ᠬᠥᠳᠡᠯᠮᠦᠷᠢ ᠳᠤ ᠢᠳᠡᠪᠬᠢᠲᠡᠶ ᠣᠷᠣᠯᠴᠠᠵᠤ᠂ ᠮᠣᠳᠣ ᠳᠠᠷᠢᠵᠤ ᠣᠶᠢᠵᠢᠭᠤᠯᠤᠨ᠂ ᠨᠤᠭᠤᠭᠠᠨ ᠦᠷ᠎ᠡ ᠶᠢ ᠰᠡᠳᠭᠢᠯ ᠳᠡᠭᠡᠨ ᠲᠠᠷᠢᠵᠤ᠂ ᠪᠠᠶᠢᠭᠠᠯᠢ ᠶᠢ ᠬᠦᠨᠳᠦᠳᠭᠡᠬᠦ᠂ ᠪᠠᠶᠢᠭᠠᠯᠢ ᠶᠢ ᠬᠠᠶᠢᠷᠠᠯᠠᠬᠤ ᠤᠬᠠᠮᠰᠠᠷ ᠲᠠᠢ ᠪᠣᠯᠵᠣ᠂ ᠰᠢᠷᠭᠠᠭᠤ ᠰᠤᠷᠤᠯᠴᠠᠵᠤ᠂ ᠪᠡᠶ᠎ᠡ ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠵᠤ᠂ ᠢᠳᠡᠷᠡᠭᠦᠨ ᠢᠶᠠᠷ ᠦᠰᠦᠨ ᠪᠤᠶᠢᠵᠢᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤ ᠤᠠ᠋ ᠰᠠᠶᠢᠬᠠᠨ ᠬᠥᠳᠡᠯᠮᠦᠷᠢ ᠵᠡᠷᠭᠡ ᠪᠥᠬᠦ ᠲᠠᠯ᠎ᠠ ᠪᠠᠷ ᠬᠥᠭᠵᠢᠵᠦ᠂ ᠤᠯᠤᠰ ᠤᠨ ᠨᠢᠷᠤᠭᠤ ᠲᠤᠯᠭᠠᠭᠤᠷᠢ ᠪᠣᠯᠬᠤ ᠪᠠᠷ ᠴᠢᠷᠮᠠᠶᠢᠬᠤ ᠬᠡᠷᠡᠭᠲᠡᠶ ᠭᠡᠵᠤ ᠴᠢᠬᠤᠯᠠᠴᠢᠯᠠᠵᠠᠢ᠃ ᠮᠣᠳᠣ ᠲᠠᠷᠢᠬᠤ ᠲᠤᠬᠠᠢ ᠶᠢᠨ ᠲᠠᠯᠠᠪᠠᠢ ᠳᠤ ᠤᠷᠬᠢᠯᠤᠮ᠎ᠠ ᠬᠠᠯᠠᠭᠤᠨ ᠰᠡᠳᠬᠢᠯᠭᠡ ᠪᠠᠷ ᠢᠳᠡ ᠬᠦᠭ ᠲᠠᠢ ᠬᠥᠳᠡᠯᠮᠦᠷᠢᠯᠡᠵᠡᠬᠡᠵᠦ᠂ ᠤᠳᠤᠷᠢᠳᠬᠤ ᠨᠥᠬᠦᠳ ᠤᠯᠠᠨ ᠲᠠᠢ ᠬᠠᠮᠲᠤ ᠰᠢᠷᠣᠢ ᠨᠡᠮᠡᠨ ᠤᠰᠤ ᠬᠢᠵᠤ᠂ ᠬᠦᠷ ᠬᠥᠭᠵᠢᠶᠡᠨ ᠲᠠᠢ ᠠᠵᠢᠯᠯᠠᠨ᠎ᠠ᠃   ᠮᠣᠳᠣ ᠲᠠᠷᠢᠬᠤ ᠬᠤᠭᠤᠴᠠᠭᠠᠨ ᠳᠤ ᠰᠢ ᠶᠢᠨ ᠫᠢᠩ ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠲᠥᠪ ᠬᠤᠷᠢᠶ᠎ᠠ ᠳᠤ ᠢᠷᠡᠵᠦ ᠠᠵᠢᠯᠯᠠᠭᠰᠠᠨ ᠤ ᠲᠠᠷᠠᠭ᠎ᠠ ᠨᠢᠭᠡᠨᠲᠡ 17 ᠵᠢᠯ ᠳᠠᠷᠠᠭᠠᠯᠠᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠤ ᠪᠠᠶᠢᠨ᠎ᠠ ᠬᠡᠪᠡ᠃ ᠲᠡᠷᠡ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠤᠨ ᠮᠣᠳᠣ ᠲᠠᠷᠢᠬᠤ ᠡᠳᠦᠷ ᠢ ᠲᠤᠬᠳᠠᠭᠠᠭᠰᠠᠨ 45 ᠵᠢᠯ ᠤᠨ ᠤᠢ ᠪᠣᠯᠤᠨ᠎ᠠ᠃ ᠪᠦᠬᠦ ᠤᠯᠤᠰ ᠤᠨ ᠠᠷᠠᠳ ᠲᠦᠮᠡᠨ ᠮᠣᠳᠣ ᠲᠠᠷᠢᠵᠤ ᠣᠶᠢᠵᠢᠭᠤᠯᠬᠤ ᠶᠢ ᠪᠠᠷᠢᠮᠲᠠᠯᠠᠵᠤ᠂ ᠬᠤᠪᠠᠭ᠋ᠠᠢ ᠠᠭᠤᠯᠠ ᠦᠵᠡᠰᠬᠦᠯᠡᠩ ᠰᠠᠶᠢᠬᠠᠨ ᠪᠤᠯᠵᠤ᠂ ᠡᠯᠡᠰᠦ ᠮᠠᠩᠬ᠎ᠠ ᠨᠣᠭᠤᠭᠠᠨ ᠪᠦᠷᠢᠳᠦ ᠪᠤᠯᠵᠤ᠂ ᠤᠯᠤᠬᠰᠠᠨ ᠠᠮᠵᠢᠯᠳᠠ ᠪᠦᠳᠦᠭᠡᠯ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠠᠢ᠃ ᠡᠭᠦᠨ ᠤ ᠬᠠᠮᠲᠤ ᠮᠠᠨ ᠤ ᠤᠯᠤᠰ ᠤᠨ ᠣᠶ ᠰᠢᠭᠤᠶ ᠶᠢᠨ ᠨᠤᠭᠤᠭᠠᠷᠠᠭᠤᠯᠤᠯᠳᠠ ᠳᠤᠳᠠᠭᠳᠠᠵᠤ ᠪᠠᠶᠢᠭ᠎ᠠ ᠠᠰᠠᠭᠤᠳᠠᠯ ᠮᠥᠨ ᠬᠦ ᠲᠣᠪᠤᠶᠢᠮ᠎ᠠ ᠪᠠᠶᠢᠵᠤ᠂ ᠣᠶ ᠰᠢᠭᠤᠶ ᠶᠢᠨ ︽ᠡᠷᠳᠡᠨᠢ ᠶᠢᠨ ᠬᠥᠮᠥᠷᠭᠡ︾ ᠢᠢᠨ ᠦᠢᠯᠡᠳᠦᠯ ᠢ ᠭᠦᠢᠴᠡᠳ ᠪᠠᠳᠠᠷᠠᠭᠤᠯᠤᠭᠠᠳᠤᠶ ᠪᠠᠶᠢᠬᠤ ᠶᠢ ᠣᠯᠵᠤ ᠬᠠᠷᠠᠬᠤ ᠬᠡᠷᠡᠭᠲᠡᠶ᠃ ᠨᠤᠭᠤᠭᠠᠷᠠᠭᠤᠯᠬᠤ ᠪᠣᠯ ᠳᠠᠷᠤᠶ ᠳᠠᠪᠠᠭᠤᠯᠢᠭ ᠢᠶᠠᠨ ᠨᠡᠮᠡᠭᠳᠡᠭᠦᠯᠵᠦ ᠪᠠᠶᠢᠭ᠎ᠠ ᠶᠠᠪᠤᠳᠠᠯ ᠮᠥᠨ᠂ ᠮᠣᠳᠣ ᠳᠠᠷᠢᠬᠤ ᠪᠣᠯ ᠢᠷᠡᠭᠡᠳᠦᠶ ᠶᠢ ᠳᠠᠷᠢᠵᠤ ᠪᠠᠶᠢᠭ᠎ᠠ ᠶᠠᠪᠤᠳᠠᠯ ᠮᠥᠨ᠃ ᠨᠢᠭᠡ ᠨᠢᠬᠡ ᠡᠬᠡᠯᠵᠢ ᠪᠠᠷ ᠲᠠᠷᠢᠵᠤ᠂ ᠦᠶ᠎ᠠ ᠶᠢᠨ ᠦᠶ᠎ᠠ ᠵᠠᠯᠭᠠᠮᠵᠢᠯᠠᠨ ᠠᠵᠢᠯᠯᠠᠵᠤ᠂ ᠮᠠᠨ ᠤ ︽ᠨᠤᠮᠢᠨ ᠨᠤᠭᠤᠭᠠᠨ ᠬᠦᠷᠦᠩᠭᠡ︾ ᠪᠠᠨ ᠲᠠᠰᠤᠷᠠᠯᠳᠠ ᠦᠭᠡᠢ ᠵᠤᠵᠠᠭᠠᠳᠬᠠᠬᠤ ᠬᠡᠷᠡᠭᠲᠡᠢ ᠬᠡᠵᠤ ᠵᠢᠭᠠᠵᠤ ᠭᠠᠷᠭᠠᠪᠠ᠃   ᠰᠢ ᠶᠢᠨ ᠫᠢᠩ᠂ ᠡᠬᠡ ᠤᠯᠤᠰ ᠢᠶᠠᠨ ᠨᠣᠭᠤᠭᠠᠷᠠᠭᠤᠯᠬᠤ ᠳᠤ ᠨᠣᠭᠤᠭᠠᠷᠠᠭᠤᠯᠤᠯᠲᠠ ᠶᠢ ᠥᠷᠭᠡᠳᠭᠡᠵᠦ᠂ ᠨᠣᠭᠤᠭᠠᠷᠠᠭᠤᠯᠤᠯᠲᠠ ᠶᠢ ᠬᠥᠭᠵᠢᠭᠦᠯᠵᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠬᠡᠷᠡᠭᠲᠡᠢ᠃ ᠨᠣᠭᠤᠭᠠᠷᠠᠭᠤᠯᠤᠯᠲᠠ ᠶᠢ ᠥᠷᠭᠡᠳᠭᠡᠬᠦ ᠳᠤ ᠳᠠᠷᠤᠶ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠭᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠲᠣᠬᠢᠷᠠᠮᠵᠢᠲᠠᠶ ᠭᠠᠵᠠᠷ ᠲᠤ ᠲᠣᠬᠢᠷᠠᠮᠵᠢᠲᠠᠶ ᠮᠣᠳᠣ ᠶᠢ ᠳᠠᠷᠢᠵᠤ᠂ ᠲᠣᠬᠢᠷᠠᠮᠵᠢᠲᠠᠶ ᠴᠠᠭ ᠲᠤ ᠲᠣᠬᠢᠷᠠᠮᠵᠢᠲᠠᠶ ᠠᠷᠭ᠎ᠠ ᠠᠪᠴᠤ᠂ ᠨᠢᠭᠡ ᠰᠠᠭᠤᠷᠢ ᠳᠠᠷᠢᠪᠠᠯ ᠨᠢᠭᠡ ᠰᠠᠭᠤᠷᠢ ᠶᠢ ᠡᠳᠡᠭᠡᠭᠡᠵᠦ᠂ ᠨᠢᠭᠡ ᠬᠡᠰᠡᠭ ᠤᠶᠢᠵᠢᠭᠤᠯᠪᠠᠯ ᠨᠢᠭᠡ ᠬᠡᠰᠡᠭ ᠢ ᠨᠤᠭᠤᠭᠠᠷᠠᠭᠤᠯᠬᠤ ᠬᠡᠷᠡᠭᠳᠡᠢ᠃ ᠨᠣᠭᠤᠭᠠᠷᠠᠭᠤᠯᠤᠯᠳᠠ ᠶᠢ ᠬᠦᠭᠵᠢᠬᠦᠯᠬᠦ ᠳᠤ ᠳᠠᠷᠤᠢ ᠶᠠᠰᠤ ᠴᠢᠨᠠᠷ ᠦᠷ᠎ᠡ ᠠᠰᠢᠭ ᠢ ᠴᠢᠬᠤᠯᠠᠴᠢᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠣᠯᠭᠠᠬᠤ ᠠᠷᠭ᠎ᠠ ᠵᠠᠮ ᠢ ᠥᠷᠭᠡᠳᠭᠡᠵᠦ᠂ ᠤᠢ ᠰᠢᠭᠤᠢ ︽ᠤᠰᠤᠨ ᠴᠥᠭᠦᠷᠥᠮ᠂ ᠵᠣᠭᠤᠰᠣᠨ ᠬᠥᠮᠥᠷᠭᠡ᠂ ᠠᠮᠤ ᠪᠤᠳᠠᠭᠠᠨ ᠤ ᠬᠥᠮᠥᠷᠭᠡ᠂ ᠨᠡᠭᠦᠷᠡᠰᠦᠲᠥ᠋ᠷᠥᠭᠴᠢ ᠶᠢᠨ ᠬᠥᠮᠥᠷᠭᠡ︾ ᠶᠢᠨ ᠨᠡᠩ ᠰᠠᠶᠢᠲᠤᠷ ᠬᠤᠯᠪᠣᠭᠠᠯᠠᠨ ᠬᠦᠳᠡᠯᠦᠯᠴᠡᠬᠦ ᠶᠢ ᠠᠬᠢᠭᠤᠯᠵᠤ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠤᠨ ᠨᠢᠭᠡᠳᠦᠯ ᠢ ᠪᠡᠶᠡᠯᠡᠭᠦᠯᠬᠦ ᠬᠡᠷᠡᠭᠳᠡᠢ᠃ ᠨᠣᠭᠤᠭᠠᠷᠠᠭᠤᠯᠤᠯᠲᠠ ᠶᠢ ᠬᠠᠮᠠᠭᠠᠯᠠᠬᠤ ᠳᠤ ᠳᠠᠷᠤᠢ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠵᠦ᠂ ᠬᠦᠨᠳᠦ ᠶᠡᠭᠡ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠬᠢᠯᠪᠠᠷ ᠪᠤᠰᠤ ᠪᠠᠷ ᠣᠯᠤᠭᠰᠠᠨ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠳᠡᠢ᠃ ᠤᠮᠠᠷᠠᠲᠤ ᠶᠢᠨ ᠭᠤᠷᠪᠠᠨ ᠣᠷᠣᠨ ᠪᠣᠯ ᠤᠯᠤᠰ ᠤᠨ ᠨᠤᠲᠤᠭ ᠳᠡᠪᠢᠰᠭᠡᠷ ᠤᠨ ᠨᠣᠭᠤᠭᠠᠷᠠᠭᠤᠯᠤᠯᠲᠠ ᠶᠢᠨ ᠭᠤᠤᠯ ᠲᠡᠶᠢᠨ ᠤ ᠲᠠᠯᠠᠪᠤᠷ ᠮᠥᠨ᠂ ᠨᠠᠩ ᠣᠯᠠᠨ ᠬᠦᠴᠦᠨ ᠢ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠡᠭᠡᠷ᠎ᠡ ᠲᠥᠪᠯᠡᠷᠡᠭᠦᠯᠵᠦ᠂ ᠤᠮᠠᠷᠠᠲᠤ ᠬᠢᠯᠢ ᠶᠢᠨ ᠨᠤᠮᠢᠨ ᠨᠤᠭᠤᠭᠠᠨ ᠣᠷᠳᠣ ᠴᠠᠭᠠᠨ ᠬᠡᠷᠡᠮ ᠢ ᠪᠠᠲᠤ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃   ᠰᠢ ᠶᠢᠨ ᠫᠢᠩ᠂ ᠡᠬᠡ ᠤᠯᠤᠰ ᠢᠶᠠᠨ ᠨᠣᠭᠤᠭᠠᠷᠠᠭᠤᠯᠬᠤ ᠳᠤ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠢ᠃ ᠣᠯᠠᠨ ᠲᠦᠮᠡᠨ ᠤ ᠣᠷᠣᠯᠴᠠᠬᠤ ᠠᠷᠭ᠎ᠠ ᠵᠠᠮ ᠢ ᠰᠢᠯᠤᠭᠤᠳᠬᠠᠵᠤ᠂ ᠬᠠᠷᠢᠭᠤᠴᠠᠯᠭ᠎ᠠ ᠪᠠᠨ ᠭᠦᠢᠴᠡᠳᠭᠡᠬᠦ ᠬᠡᠯᠪᠡᠷᠢ ᠶᠢᠨ ᠰᠢᠨ᠎ᠡ ᠶᠢ ᠡᠭᠦᠳᠴᠦ᠂ ᠣᠶ ᠶᠢᠨ ᠳᠠᠷᠤᠭ᠎ᠠ ᠶᠢᠨ ᠲᠦᠷᠢᠮ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯ ᠤᠨ ᠲᠠᠰᠤᠷᠠᠯᠲᠠ ᠥᠬᠡᠶ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃   ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠲᠦᠷᠦ ᠶᠢᠨ ᠶᠠᠪᠤᠳᠠᠯ ᠤᠨ ᠭᠡᠰᠢᠭᠦᠨ ᠨᠡᠷ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号