ᠴᠢᠰᠤᠨ ᠳᠠᠷᠤᠯᠲᠠ ᠥᠨᠳᠥᠷ ᠬᠥᠮᠥᠰ ᠠᠩᠬᠠᠷᠤᠭᠠᠷᠠᠢ︕
ᠨᠡᠶᠢᠲᠡᠯᠡᠭᠰᠡᠨ ᠴᠠᠭ᠄
2024/4/8
    ᠴᠢᠰᠤᠨ ᠳᠠᠷᠤᠯᠲᠠ ᠥᠨᠳᠥᠷ ᠡᠪᠡᠳᠴᠢᠨ ᠭᠤᠤᠯ ᠨᠢ ᠢᠳᠡᠷ ᠥᠲᠡᠯᠦᠭᠡ ᠬᠥᠮᠥᠰ ᠤᠨ ᠪᠡᠶ᠎ᠡ ᠳᠡᠭᠡᠷ᠎ᠡ ᠢᠯᠡᠷᠡᠳᠡᠭ ᠪᠠᠶᠢᠬᠰᠠᠨ ᠪᠤᠯ ᠤᠳᠤ ᠬᠠᠷᠢᠨ ᠵᠠᠯᠠᠭᠤᠴᠤᠳ ᠤᠨ ᠳᠣᠮᠳᠠ ᠤᠯᠠᠨ ᠭᠠᠷᠬᠤ ᠪᠤᠯᠤᠬᠰᠠᠨ ᠪᠠᠶᠢᠳᠠᠭ᠃ ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠰᠢᠮ᠎ᠡ ᠲᠡᠵᠢᠭᠡᠯ ᠪᠣᠯᠣᠨ ᠤᠳᠠᠭᠠᠨ ᠴᠢᠨᠠᠷᠲᠠᠢ ᠡᠪᠡᠳᠴᠢᠨ ᠤ ᠪᠠᠶᠢᠳᠠᠯ ᠤᠨ ᠲᠤᠬᠠᠢ ᠮᠡᠳᠡᠭᠦᠯᠦᠯᠲᠡ︾᠎ ᠠᠴᠠ ᠦᠵᠡᠪᠡᠯ᠂ ᠮᠠᠨ ᠤ ᠤᠯᠤᠰ ᠤᠨ 18 ᠨᠠᠰᠦ ᠬᠦᠷᠦᠭᠰᠡᠨ ᠢᠷᠬᠡᠳ ᠤᠨ ᠴᠢᠰᠤᠨ ᠳᠠᠷᠤᠯᠲᠠ ᠥᠨᠳᠥᠷ ᠡᠪᠡᠳᠴᠢᠨ ᠣᠯᠬᠤ ᠨᠣᠷᠮ᠎ᠠ 27.5%᠎ ᠳᠤ ᠬᠦᠷᠴᠦ᠂ ᠡᠪᠡᠳᠴᠢᠲᠡᠨ ᠤ ᠲᠤᠭ᠎ᠠ ᠨᠢᠭᠡᠨᠲᠡ 2 ᠳ᠋ᠦᠩᠰᠢᠭᠤᠷ 4500 ᠲᠦᠮᠡ ᠢ ᠳᠠᠪᠠᠵᠠᠢ᠃ ᠡᠭᠦᠨ ᠳᠤ 18᠎ ᠠᠴᠠ 44 ᠨᠠᠰᠤᠨ ᠤ ᠬᠦᠮᠦᠰ 13.3%᠎ ᠶᠢ ᠡᠵᠡᠯᠡᠵᠦ ᠪᠠᠶᠢᠭ᠎ᠠ ᠶᠤᠮ ᠪᠠᠶᠢᠨ᠎ᠠ᠃ ᠰᠤᠳᠤᠯᠭᠠᠨ ᠠᠴᠠ ᠦᠵᠡᠪᠡᠯ᠂ ᠳᠡᠩᠴᠡᠬᠦᠬᠡᠨ ᠪᠥᠭᠡᠳ ᠵᠦᠢ ᠵᠤᠬᠢᠰᠳᠠᠢ ᠬᠥᠳᠡᠯᠭᠡᠭᠡᠨ ᠨᠢ ᠰᠣᠯᠪᠢᠭᠤ ᠮᠡᠳᠡᠷᠡᠯ ᠤᠨ ᠰᠢᠰᠲ᠋ᠧᠮ ᠢ ᠳᠠᠶᠢᠪᠤᠩ ᠪᠠᠶᠢᠯᠭᠠᠵᠦ᠂ ᠴᠢᠰᠤᠨ ᠰᠤᠳᠠᠯ ᠢ ᠳᠡᠯᠡᠬᠦ ᠪᠣᠳᠠᠰ ᠢ ᠨᠡᠮᠡᠭᠳᠡᠭᠦᠯᠦᠨ᠂ ᠠᠷᠠᠰᠤᠨ ᠳᠣᠣᠷᠠᠬᠢ ᠲᠡᠯᠡᠯᠲᠡ ᠶᠢ ᠰᠠᠶᠢᠵᠢᠷᠠᠭᠤᠯᠵᠤ᠂ ᠰᠢᠬᠢᠷ ᠪᠤᠯᠤᠨ ᠦᠬᠡᠬᠦᠨ ᠤ ᠰᠣᠯᠢᠯᠴᠠᠭ᠎ᠠ ᠶᠢ ᠠᠬᠢᠭᠤᠯᠤᠨ᠂ ᠴᠢᠰᠤᠨ ᠳᠠᠷᠤᠯᠲᠠ ᠥᠨᠳᠥᠷᠵᠢᠬᠦ ᠶᠢ ᠤᠷᠢᠳᠴᠢᠯᠠᠨ ᠰᠡᠷᠭᠡᠶᠢᠯᠡᠬᠦ ᠪᠠ ᠲᠣᠭᠲᠠᠪᠤᠷᠢᠵᠢᠭᠤᠯᠵᠤ ᠴᠢᠳᠠᠳᠠᠭ ᠶᠤᠮ ᠪᠠᠶᠢᠨ᠎ᠠ᠃ ᠭᠠᠷᠠᠭ ᠪᠦᠷᠢ 3 ᠡᠳᠦᠷ ᠪᠤᠶᠤ 3 ᠡᠳᠦᠷ ᠠᠴᠠ ᠳᠡᠭᠡᠭᠰᠢ᠂ ᠤᠳᠠᠭ᠎ᠠ ᠪᠦᠷᠢ 30 ᠮᠢᠨᠦ᠋ᠲ ᠠᠴᠠ ᠳᠡᠭᠡᠭᠰᠢ ᠳᠡᠩᠴᠡᠬᠦᠬᠡᠨ ᠬᠦᠴᠦᠯᠡᠴᠡ ᠲᠠᠢ ᠬᠥᠳᠡᠯᠭᠡᠭᠡᠨ ᠬᠢᠪᠡᠯ ᠠᠪᠴᠢᠯᠲᠠ ᠶᠢᠨ ᠳᠠᠷᠤᠯᠲᠠ ᠶᠢ 5 — 17 ᠮᠢᠯᠢᠮᠧᠳ᠋ᠷ ᠮᠥᠩᠭᠦᠨ ᠤᠰᠤᠨ ᠪᠠᠭᠠᠨ᠎ᠠ ᠪᠠᠷ ᠪᠠᠭᠤᠷᠠᠭᠤᠯᠵᠦ᠂ ᠲᠡᠯᠡᠯᠲᠡ ᠶᠢᠨ ᠳᠠᠷᠤᠯᠲᠠ ᠶᠢ 2~10 ᠮᠢᠯᠢᠮᠧᠲᠷ ᠮᠥᠩᠭᠦᠨ ᠤᠰᠤᠨ ᠪᠠᠭᠠᠨ᠎ᠠ ᠪᠠᠷ ᠪᠠᠭᠤᠷᠠᠭᠤᠯᠳᠠᠭ ᠶᠤᠮ ᠪᠠᠶᠢᠨ᠎ᠠ᠃ ᠵᠢᠱᠢᠶᠡᠯᠡᠪᠡᠯ ᠳᠤᠭᠤᠢ ᠤᠨᠤᠬᠤ᠂ ᠤᠰᠤᠨ ᠳᠤ ᠤᠮᠪᠠᠭ᠋ᠤ᠂ ᠬᠦᠶᠦᠬᠦ᠂ ᠥᠳᠥᠨ ᠪᠥᠮᠪᠦᠭᠡ᠂ ᠪᠡᠶ᠎ᠡ ᠴᠢᠭᠢᠷᠠᠭᠵᠢᠭᠤᠯᠬᠤ ᠲᠠᠮᠢᠷ᠂ ᠪᠦᠯᠬᠦᠮ ᠨᠡᠶᠢᠲᠡ ᠶᠢᠨ ᠲᠠᠮᠢᠷ ᠤᠨ ᠬᠥᠳᠡᠯᠭᠡᠭᠡᠨ ᠵᠡᠷᠭᠡ ᠨᠢ ᠪᠦᠷ ᠴᠢᠰᠤᠨ ᠳᠠᠷᠤᠯᠲᠠ ᠥᠨᠳᠥᠷ ᠡᠪᠡᠳᠴᠢᠨ ᠢ ᠨᠠᠮᠳᠠᠭᠠᠬᠤ ᠳᠤ ᠮᠠᠰᠢ ᠲᠣᠬᠢᠷᠠᠮᠵᠢᠲᠠᠢ ᠶᠤᠮ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号