ᠤᠶᠢᠷ᠎ᠠ ᠳᠤ᠂ ᠨᠠᠨᠵᠢᠩ ᠤᠨ ᠴᠠᠭᠳᠠᠭᠠᠨ ᠤ ᠲᠠᠯ᠎ᠠ ᠶᠢᠨ ᠬᠢᠨ ᠪᠠᠴᠢᠮ ᠰᠡᠷᠡᠮᠵᠢᠯᠡᠭᠦᠯᠦᠯ ᠨᠡᠶᠢᠲᠡᠯᠡᠵᠦ ᠬᠡᠯᠡᠬᠦ ᠳᠡᠭᠡᠨ | ᠄ ᠬᠡᠦᠬᠡᠳ ᠤᠨ ᠴᠢᠨᠢ ᠬᠡᠷᠡᠭᠯᠡᠵᠦ ᠪᠠᠶᠢᠭ᠎ᠠ ᠲᠥᠬᠦᠭᠡᠷᠦᠮᠵᠢ ᠳᠤ ᠡᠯ᠎ᠡ ᠵᠦᠢᠯ ᠤᠨ ᠨᠢᠭᠤᠴᠠ ᠪᠠᠷ ᠶᠠᠷᠢᠯᠴᠠᠬᠤ ᠵᠥᠭᠡᠯᠡᠨ | ᠲᠣᠨᠤᠭ ᠤᠭᠰᠠᠷᠠᠭᠰᠠᠨ ᠡᠰᠡᠬᠦ ᠶᠢ ᠭᠡᠷ ᠤᠨ ᠠᠬᠠᠮᠠᠳ ᠨᠠᠷ ᠲᠦᠷᠭᠡᠨ ᠪᠠᠶᠢᠴᠠᠭᠠᠵᠦ ᠦᠵᠡ ᠬᠡᠪᠡ᠃ ᠨᠢᠭᠤᠴᠠ ᠪᠠᠷ | ᠶᠠᠷᠢᠯᠴᠠᠬᠤ ᠵᠥᠭᠡᠯᠡᠨ ᠲᠤᠨᠤᠭ ᠨᠢ ᠨᠢᠭᠤᠴᠠᠯᠠᠭᠰᠠᠨ ᠮᠡᠳᠡᠭᠡ ᠬᠤᠯᠪᠣᠭᠠᠨ ᠤ ᠨᠢᠭᠤᠴᠠᠯᠠᠬᠤ ᠴᠢᠨᠠᠷ ᠨᠢ ᠴᠢᠩᠭ᠎ᠠ | ᠪᠠᠶᠢᠳᠠᠭ ᠪᠦᠭᠡᠳ ᠢᠯᠠᠩᠭᠤᠶ᠎ᠠ ︽ᠤᠩᠰᠢᠭᠰᠠᠨ ᠤ ᠲᠠᠷᠠᠭ᠎ᠠ ᠰᠢᠲᠠᠭᠠᠬᠤ︾ ᠴᠢᠳᠠᠮᠵᠢ ᠨᠢ ᠶᠠᠯᠠᠲᠤ ᠡᠲᠡᠭᠡᠳ ᠤᠨ | ᠶᠠᠯ᠎ᠠ ᠬᠢᠭᠰᠡᠨ ᠭᠡᠷᠡᠴᠢ ᠪᠠᠷᠢᠮᠲᠠ ᠶᠢ ᠤᠰᠠᠳᠬᠠᠬᠤ ᠳᠤ ᠲᠦᠬᠦᠮ ᠦᠵᠡᠭᠦᠯᠵᠦ᠂ ᠨᠢᠭᠤᠴᠠ ᠪᠠᠷ ᠶᠠᠷᠢᠯᠴᠠᠬᠤ | ᠵᠥᠭᠡᠯᠡᠨ ᠲᠤᠨᠤᠭ ᠢ ︽ᠪᠤᠳᠤᠩᠭᠤᠢ ᠣᠷᠣᠨ ᠪᠦᠰᠡ︾ ᠪᠣᠯᠭᠠᠭᠰᠠᠨ ᠪᠠᠶᠢᠨ᠎ᠠ᠃ ᠣᠳᠣᠬᠠᠨ ᠳᠤ᠂ ᠶᠠᠯᠠᠲᠤ | ᠡᠲᠡᠭᠡᠳ ᠦᠢᠯᠡᠴᠢᠯᠡᠭᠦᠷ ᠢᠶᠠᠨ ᠬᠢᠯᠢ ᠶᠢᠨ ᠳᠣᠲᠣᠷ᠎ᠠ ᠠᠴᠠ ᠬᠢᠯᠢ ᠶᠢᠨ ᠭᠠᠳᠠᠨ᠎ᠠ ᠰᠢᠯᠵᠢᠭᠦᠯᠵᠦ᠂ ᠮᠡᠳᠡᠭᠡ | ᠬᠤᠯᠪᠣᠭᠠᠨ ᠤ ᠪᠠᠭᠠᠵᠢ ᠶᠢ ᠤᠯᠠᠨ ᠨᠡᠶᠢᠲᠡ ᠶᠢᠨ ᠵᠥᠭᠡᠯᠡᠨ ᠲᠤᠨᠤᠭ ᠪᠠᠶᠢᠬᠰᠠᠨ ᠠᠴᠠ ᠨᠢ ᠬᠢᠯᠢ ᠶᠢᠨ ᠭᠠᠳᠠᠨᠠᠬᠢ | ᠨᠢᠭᠤᠴᠠ ᠪᠠᠷ ᠶᠠᠷᠢᠯᠴᠠᠬᠤ ᠵᠥᠭᠡᠯᠡᠨ ᠲᠤᠨᠤᠭ ᠪᠤᠶᠤ ᠬᠢᠯᠢ ᠶᠢᠨ ᠳᠣᠲᠣᠷᠠᠬᠢ ᠤᠯᠠᠨ ᠨᠡᠶᠢᠲᠡ ᠶᠢᠨ ᠨᠢᠭᠤᠴᠠ ᠪᠠᠷ | ᠶᠠᠷᠢᠯᠴᠠᠬᠤ ᠵᠥᠭᠡᠯᠡᠨ ᠲᠤᠨᠤᠭ ᠪᠣᠯᠭᠠᠨ ᠥᠭᠡᠷᠡᠴᠢᠯᠡᠵᠦ᠂ ᠬᠡᠷᠡᠭ ᠦᠢᠯᠡᠳᠬᠦ ᠲᠤᠨᠤᠭ ᠲᠥᠬᠦᠭᠡᠷᠦᠮᠵᠢ ᠶᠢ | ᠤᠯᠠᠮᠵᠢᠯᠠᠯᠲᠤ ︽ᠬᠠᠭᠤᠷᠮᠠᠭ ᠰᠠᠭᠤᠷᠢ ᠦᠷᠳᠡᠭᠡ︾ ᠪᠠᠶᠢᠬᠰᠠᠨ ᠠᠴᠠ ᠨᠢ ︽ᠮᠤᠤ ᡂᠢ︾ ︵Modem | pool︶᠂ GOIP᠂ ᠳ᠋ᠤᠺᠠᠪᠤᠤ᠂ VoIP ᠪᠣᠯᠭᠠᠨ ᠥᠭᠡᠷᠡᠴᠢᠯᠡᠪᠡ᠂ ᠡᠶᠢᠮᠦᠷᠬᠦ ᠰᠢᠨ᠎ᠡ ᠣᠷᠣᠨ ᠵᠠᠢ᠂ ᠰᠢᠨ᠎ᠡ | ᠲᠤᠨᠤᠭ ᠲᠥᠬᠦᠭᠡᠷᠦᠮᠵᠢ ᠶᠢ ᠠᠰᠢᠭᠯᠠᠨ ᠬᠢᠭᠰᠡᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ | ᠠᠵᠢᠯᠯᠠᠭ᠎ᠠ ᠶᠢᠨ ᠮᠡᠷᠭᠡᠵᠢᠯ ᠤᠨ ᠴᠢᠨᠠᠷ ᠨᠢ ᠲᠦᠢᠯ ᠤᠨ ᠴᠢᠩᠭ᠎ᠠ ᠪᠦᠭᠡᠳ ᠬᠡᠷᠡᠭ ᠢ ᠪᠠᠶᠢᠴᠠᠭᠠᠨ ᠰᠢᠢᠳᠪᠦᠷᠢᠯᠡᠬᠦ | ᠬᠦᠴᠢᠷᠳᠡᠯ ᠢ ᠨᠡᠮᠡᠭᠳᠡᠭᠦᠯᠦᠭᠰᠡᠨ ᠪᠠᠶᠢᠨ᠎ᠠ᠃ ᠨᠠᠰᠤᠨ ᠳᠤ ᠥᠯᠥ ᠭᠦᠷᠦᠭᠰᠡᠳ ᠨᠡᠶᠢᠭᠡᠮ ᠤᠨ ᠣᠷᠣᠯᠴᠠᠭ᠎ᠠ ᠬᠦᠶᠦᠭᠡᠨ | ᠶᠠᠮᠠᠷ ᠴᠤ ᠲᠤᠷᠰᠢᠯᠭ᠎ᠠ ᠦᠭᠡᠢ ᠪᠤᠯᠬᠤᠷ ᠬᠠᠤᠯᠢ ᠪᠤᠰᠤ ᠡᠲᠡᠭᠡᠳ ᠨᠢᠭᠤᠴᠠ ᠪᠠᠷ ᠶᠠᠷᠢᠯᠴᠠᠬᠤ ᠵᠥᠭᠡᠯᠡᠨ ᠲᠣᠨᠤᠭ | ᠳᠡᠭᠡᠷ᠎ᠡ ᠤᠷᠠᠨ ᠰᠠᠶᠢᠬᠠᠨ ᠦᠭᠡ ᠪᠠᠷ ᠢᠶᠠᠨ ᠨᠠᠰᠤᠨ ᠳᠤ ᠥᠯᠥ ᠭᠦᠷᠦᠭᠰᠡᠳ ᠢ ᠮᠡᠬᠡᠯᠡᠨ ᠬᠤᠪᠢ ᠬᠥᠮᠦᠨ ᠤ ᠮᠡᠳᠡᠭᠡ | ᠵᠠᠩᠭᠢ ᠬᠠᠩᠭᠠᠯᠭᠠᠬᠤ ᠵᠡᠷᠭᠡ ᠠᠭᠤᠯᠭ᠎ᠠ ᠪᠠᠷ ᠲᠡᠭᠦᠨ ᠢ ᠬᠠᠤᠯᠢ ᠶᠢ ᠵᠥᠷᠢᠴᠡᠬᠦ ᠶᠠᠯᠠᠲᠤ ᠠᠵᠢᠯᠯᠠᠭ᠎ᠠ ᠶᠢᠨ ︽ | ᠬᠠᠮᠰᠠᠭᠠᠲᠠᠨ︾ ᠪᠣᠯᠭᠠᠵᠤ ᠪᠠᠶᠢᠬᠤ ᠪᠦᠭᠡᠳ ᠴᠢᠨᠠᠭᠰᠢᠯᠠᠪᠠᠯ ︽ᠮᠡᠳᠡᠭᠡ ᠵᠠᠩᠭᠢ ᠶᠢᠨ ᠰᠦᠯᠵᠢᠶᠡᠨ ᠤ ᠶᠠᠯᠠᠲᠤ | ᠠᠵᠢᠯᠯᠠᠭ᠎ᠠ ᠶᠢ ᠬᠠᠪᠰᠤᠷᠤᠭᠰᠠᠨ ᠶᠠᠯ᠎ᠠ︾ ᠬᠢᠯᠭᠡᠵᠦ ᠪᠠᠶᠢᠨ᠎ᠠ᠃ |