ᠬᠠᠪᠤᠷ ᠤᠨ ᠲᠠᠷᠢᠶᠠᠯᠠᠭ᠎ᠠ ᠲᠠᠷᠢᠶᠠᠯᠠᠩ ᠤᠨ ᠠᠵᠢᠯᠯᠠᠭ᠎ᠠ ᠡᠬᠢᠯᠡᠵᠦ᠂ ᠰᠠᠯᠬᠢ ᠰᠠᠯᠬᠢᠯᠠᠵᠤ ᠪᠣᠳᠠᠰ ᠬᠠᠭᠤᠷᠠᠶᠢᠳᠠᠨ᠂ | ᠭᠠᠯ ᠤᠨ ᠭᠠᠮᠰᠢᠭ ᠢ ᠡᠭᠦᠰᠬᠡᠬᠦ ᠬᠦᠴᠦᠨ ᠵᠦᠢᠯ ᠨᠡᠮᠡᠭᠳᠡᠵᠦ᠂ ᠡᠯ᠎ᠡ ᠵᠦᠢᠯ ᠤᠨ ᠭᠠᠯ ᠤᠨ ᠭᠠᠮᠰᠢᠭ ᠤᠨ ᠠᠳᠡᠯ ᠢ | ᠲᠤᠶᠢᠯ ᠤᠨ ᠠᠮᠠᠷᠬᠠᠨ ᠢᠶᠠᠷ ᠡᠭᠦᠰᠬᠡᠳᠡᠭ᠃ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ ᠬᠤᠷᠢᠭᠯᠠᠵᠤ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠢ ᠪᠥᠬᠦ | ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠳᠠᠶᠢᠴᠢᠨᠲᠠᠯ᠎ᠠ ᠰᠤᠮᠤ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠴᠢᠩᠭᠠᠳᠬᠠᠵᠤ | ᠂ ᠭᠠᠯ ᠤᠨ ᠭᠠᠮᠰᠢᠭ ᠤᠨ ᠳᠠᠯᠳᠠ ᠬᠡᠮ ᠢ ᠠᠷᠢᠯᠭᠠᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠠᠮᠤᠷ ᠲᠦᠪᠰᠢᠨ ᠤ ᠬᠡᠷᠡᠮ ᠢ ᠪᠠᠬᠢᠵᠢᠭᠦᠯᠵᠦ᠂ ᠭᠠᠯ ᠰᠡᠷᠭᠡᠶᠢᠯᠡᠬᠦ ᠶᠢ ︽ᠨᠣᠴᠣᠬᠤ ᠠᠴᠠ ᠡᠮᠦᠨ᠎ᠡ︾ ᠪᠠᠶᠢᠯᠭᠠᠬᠤ ᠶᠢ | ᠦᠨᠡᠨ ᠬᠦ ᠪᠡᠶᠡᠯᠡᠬᠦᠯᠦᠨ᠎ᠡ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ᠃ ᠳᠠᠶᠢᠴᠢᠨᠲᠠᠯ᠎ᠠ ᠰᠤᠮᠤ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠪᠣᠳᠠᠲᠠᠢ ᠱᠠᠭᠠᠷᠳᠠᠯᠭ᠎ᠠ ᠳᠤᠷᠠᠳᠴᠤ᠂ | ᠤᠳᠤᠷᠢᠳᠬᠤ ᠺᠠᠳ᠋ᠷᠴᠤᠳ ᠤᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ ᠤᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠠᠵᠢᠯ ᠤᠨ ᠪᠠᠶᠢᠷᠢ ᠳᠤ | ᠨᠠᠶᠢᠳᠠᠪᠤᠷᠢᠵᠢᠭᠤᠯᠵᠤ᠂ ᠬᠥᠮᠥᠨ ᠳᠤ ᠨᠠᠶᠢᠳᠠᠪᠤᠷᠢᠵᠢᠭᠤᠯᠵᠤ᠂ ᠭᠠᠵᠠᠷ ᠲᠤ ᠨᠠᠶᠢᠳᠠᠪᠤᠷᠢᠵᠢᠭᠤᠯᠵᠤ᠂ ᠠᠭᠤᠯᠠᠨ | ᠣᠷᠣᠢ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠵᠤ᠂ ᠱᠠᠲᠤ ᠱᠠᠲᠤ ᠪᠠᠷ | ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠪᠠᠶᠢᠷᠢᠰᠢᠯ ᠢ ᠪᠤᠢ ᠪᠤᠯᠭᠠᠨ᠎ᠠ᠃ | ᠨᠠᠮ ᠤᠨ ᠭᠡᠰᠢᠭᠦᠨ ᠲᠦᠷᠦᠭᠦᠯᠡᠨ ᠲᠣᠭᠤᠷᠢᠨ ᠴᠠᠭᠳᠠᠵᠤ᠂ ᠭᠠᠯ ᠤᠨ ᠭᠠᠮᠰᠢᠭ ᠤᠨ ᠳᠠᠯᠳᠠ ᠬᠡᠮ ᠢ ᠤᠰᠠᠳᠬᠠᠪᠠ | ᠃ ᠪᠥᠬᠦ ᠰᠤᠮᠤᠨ ᠤ 13 ᠭᠠᠴᠠᠭ᠎ᠠ ᠨᠠᠮ ᠤᠨ ᠭᠡᠰᠢᠭᠦᠨ ᠤ ᠪᠠᠴᠢᠮ ᠪᠠᠶᠢᠳᠠᠯ ᠢ ᠠᠷᠭᠠᠴᠠᠬᠤ ᠭᠠᠪᠰᠢᠭᠠᠢ ᠠᠩᠭᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠬᠡᠪᠴᠢᠶ᠎ᠡ ᠶᠢᠨ ᠬᠤᠪᠢᠶᠠᠷᠢᠯᠠᠯ ᠶᠣᠰᠣᠭᠠᠷ᠂ | ᠬᠠᠷᠢᠶᠠᠲᠤ ᠣᠷᠣᠨ ᠤ ᠪᠠᠨ ᠲᠠᠷᠢᠶᠠᠨ ᠭᠠᠵᠠᠷ᠂ ᠲᠠᠯ᠎ᠠ ᠨᠤᠲᠤᠭ ᠤᠨ ᠠᠭᠤᠯᠠᠨ ᠣᠶ᠂ ᠠᠭᠤᠯᠠᠨ ᠳᠤ ᠣᠷᠣᠬᠤ | ᠵᠠᠮ ᠤᠨ ᠠᠭᠤᠯᠵᠠᠷ᠂ ᠭᠤᠣᠯᠳᠠᠯᠭ᠎ᠠ ᠲᠠᠢ ᠴᠠᠭ ᠲᠤ ᠪᠥᠬᠦ ᠡᠳᠦᠷ ᠢᠶᠠᠷ ᠢᠶᠠᠨ ᠵᠢᠵᠢᠭᠦᠷᠯᠡᠨ ᠰᠠᠬᠢᠬᠤ᠂ ᠴᠠᠭᠳᠠᠨ | ᠲᠣᠭᠤᠷᠢᠬᠤ ᠪᠠ ᠬᠠᠮᠢᠶᠠᠷᠤᠨ ᠡᠵᠡᠮᠳᠡᠵᠦ᠂ ᠵᠣᠬᠢᠰ ᠦᠭᠡᠢ ᠪᠠᠷ ᠭᠠᠯ ᠬᠡᠷᠡᠭᠯᠡᠬᠦ ᠦᠶᠯᠡ ᠠᠵᠢᠯᠯᠠᠭ᠎ᠠ ᠶᠢ ᠴᠠᠭ ᠲᠤᠬᠠᠢ | ᠳᠤᠨᠢ ᠬᠤᠷᠢᠭᠯᠠᠨ ᠵᠣᠭᠰᠣᠭᠠᠪᠠ᠃ ᠰᠤᠮᠤ ᠶᠢᠨ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ ᠠᠵᠢᠯᠯᠠᠬᠤ | ᠳᠤᠭᠤᠶᠢᠯᠠᠩ ᠨᠢ ᠬᠤᠯᠪᠣᠭᠠᠯᠠᠬᠤ ᠶᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ | ᠲᠣᠰ ᠲᠣᠰ ᠤᠨ ᠬᠡᠰᠡᠭ ᠳᠠᠭᠠᠭᠠᠴᠢᠯᠠᠭᠰᠠᠨ ᠭᠠᠴᠠᠭ᠎ᠠ ᠶᠢᠨ ᠠᠵᠢᠯᠲᠠᠨ ᠤ ᠵᠢᠵᠢᠭᠦᠷᠯᠡᠨ ᠰᠠᠬᠢᠬᠤ᠂ ᠭᠠᠯ | ᠤᠨᠲᠠᠷᠠᠭᠠᠬᠤ ᠠᠩᠭᠢ ᠶᠢ ᠵᠣᠬᠢᠶᠠᠨ ᠪᠠᠶᠢᠭᠤᠯᠬᠤ᠂ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ | ᠵᠡᠷᠭᠡ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ᠂ | ᠬᠡᠷᠡᠭᠯᠡᠬᠦ ᠶᠢ ᠪᠠᠶᠢᠴᠠᠭᠠᠬᠤ ᠪᠠᠨ ᠴᠢᠩᠭᠠᠳᠬᠠᠵᠤ᠂ ᠠᠰᠠᠭᠤᠳᠠᠯ ᠢ ᠣᠯᠵᠤ ᠮᠡᠳᠡᠪᠡᠯ ᠳᠠᠷᠤᠶᠢᠬᠠᠨ ᠴᠡᠭᠴᠡᠯᠡᠨ ᠵᠠᠰᠠᠵᠤ᠂ | ᠳᠤᠲᠠᠭᠳᠠᠯ ᠢ ᠪᠠᠶᠢᠴᠠᠭᠠᠨ ᠨᠥᠬᠦᠪᠦᠷᠢᠯᠡᠵᠦ᠂ ᠡᠯ᠎ᠡ ᠵᠦᠢᠯ ᠤᠨ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠯᠢᠭ | ᠨᠠᠶᠢᠳᠠᠪᠤᠷᠢᠵᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ︽ᠠᠮᠤᠷ ᠲᠦᠪᠰᠢᠨ ᠤ ᠲᠣᠣᠷ︾ ᠢ ᠪᠠᠲᠤ ᠪᠠᠬᠢ ᠪᠠᠶᠢᠭᠤᠯᠤᠨ᠎ᠠ᠃ | ᠡᠷᠦᠬᠡ ᠳᠤ ᠬᠦᠷᠴᠦ ᠰᠤᠷᠪᠤᠯᠵᠢᠯᠠᠬᠤ᠂ ︽ᠲᠣᠰᠬᠤᠨ ᠪᠣᠯᠭᠠᠨ ᠳᠤ ᠴᠤᠤᠷᠢᠶᠠᠲᠤᠬᠤ︾ ᠷᠠᠳᠢᠣ᠋ ᠨᠡᠪᠲᠡᠷᠡᠭᠦᠯᠭᠡ ᠶᠢ | ᠨᠡᠪᠲᠡᠷᠡᠭᠦᠯᠬᠦ᠂ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠬᠤ᠂ ᠸᠢᠴᠠᠲ ᠤᠨ ᠨᠡᠶᠢᠲᠡ ᠶᠢᠨ ᠳ᠋ᠤᠭᠠᠷ ᠬᠦᠷᠭᠡᠬᠦ᠂ | ᠸᠢᠴᠠᠲ ᠤᠨ ᠣᠯᠠᠨ ᠨᠡᠶᠢᠲᠡ ᠶᠢᠨ ᠮᠡᠳᠡᠭᠡ ᠵᠠᠩᠭᠢ ᠶᠢ ᠳᠠᠮᠵᠢᠭᠤᠯᠬᠤ ᠵᠡᠷᠭᠡ ︽ᠰᠦᠯᠵᠢᠶᠡᠨ ᠳᠡᠭᠡᠷ᠎ᠡ + | ᠰᠦᠯᠵᠢᠶᠡᠨ ᠭᠠᠳᠠᠨ᠎ᠠ︾ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠠᠮᠤᠷ | ᠲᠦᠪᠰᠢᠨ ᠢᠶᠠᠷ ᠭᠠᠯ ᠤᠨᠲᠠᠷᠠᠭᠠᠬᠤ ᠶᠡᠷᠦ ᠶᠢᠨ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠦ᠂ ᠥᠷᠭᠡᠨ ᠣᠯᠠᠨ | ᠺᠠᠳ᠋ᠷ ᠣᠯᠠᠨ ᠲᠦᠮᠡᠨ ᠢ ᠲᠠᠰᠤᠷᠠᠯᠲᠠ ᠦᠭᠡᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠭᠠᠯ | ᠰᠡᠷᠭᠡᠶᠢᠯᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠪᠣᠬᠢᠷᠲᠤᠯ ᠦᠭᠡᠢ ᠲᠠᠬᠢᠯᠭ᠎ᠠ᠂ ᠪᠣᠯᠪᠠᠰᠤᠨ ᠲᠠᠬᠢᠯᠭ᠎ᠠ ᠶᠢᠨ | ᠰᠢᠨ᠎ᠡ ᠬᠡᠪ ᠰᠤᠷᠲᠠᠯ ᠢ ᠶᠡᠬᠡᠪᠡᠷ ᠤᠬᠠᠭᠤᠯᠵᠤ᠂ ᠭᠠᠯ ᠤᠨ ᠭᠠᠮᠰᠢᠭ ᠤᠨ ᠲᠦᠭᠰᠢᠭᠦᠷᠢ ᠶᠢ ᠡᠬᠢ ᠡᠭᠦᠰᠦᠯ ᠠᠴᠠ ᠨᠢ | ᠰᠡᠷᠭᠡᠶᠢᠯᠡᠨ ᠠᠷᠢᠯᠭᠠᠨ᠎ᠠ᠃ | ᠵᠢᠵᠢᠭᠦᠷᠯᠡᠬᠦ ᠳᠦᠷᠢᠮ ᠢ ᠴᠢᠩᠳᠠᠯᠠᠵᠤ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ | ᠪᠠᠲᠤᠯᠠᠨ᠎ᠠ᠃ 24 ᠴᠠᠭ ᠢᠶᠠᠷ ᠵᠢᠵᠢᠭᠦᠷᠯᠡᠨ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠢᠯ ᠤᠨ | ᠪᠠᠶᠢᠷᠢ ᠠᠴᠠ ᠪᠠᠨ ᠰᠠᠯᠬᠤ᠂ ᠠᠵᠢᠯ ᠤᠨ ᠪᠠᠶᠢᠷᠢ ᠠᠴᠠ ᠪᠠᠨ ᠬᠤᠴᠣᠷᠬᠤ ᠪᠠᠶᠢᠳᠠᠯ ᠭᠠᠷᠬᠤ ᠶᠢ ᠴᠢᠩᠭ᠎ᠠ | ᠴᠠᠭᠠᠵᠠᠯᠠᠵᠤ᠂ ︽ᠭᠠᠯ ᠪᠠᠶᠢᠪᠠᠯ ᠵᠠᠪᠠᠯ ᠮᠡᠳᠡᠭᠦᠯᠬᠦ︾᠂ ︽ᠳᠠᠭᠠᠷᠢᠯᠲᠠ ᠳᠤ ᠮᠡᠳᠡᠭᠦᠯᠬᠦ ᠶᠢ ᠵᠡᠷᠭᠡᠪᠡᠷ ᠶᠠᠪᠤᠭᠳᠠᠭᠤᠯᠬᠤ | ︾ ᠶᠢ ᠨᠠᠶᠢᠳᠠᠪᠤᠷᠢᠵᠢᠭᠤᠯᠤᠨ᠎ᠠ᠃ ᠡᠭᠡᠯᠵᠢ ᠳᠠᠭᠠᠭᠤᠯᠤᠭᠰᠠᠨ ᠤᠳᠤᠷᠢᠳᠤᠯᠭ᠎ᠠ ᠪᠣᠯᠣᠨ ᠵᠢᠵᠢᠭᠦᠷᠯᠡᠭᠴᠢ 24 ᠴᠠᠭ ᠲᠤ | ᠠᠵᠢᠯ ᠤᠨ ᠪᠠᠶᠢᠷᠢ ᠳᠠᠭᠠᠨ ᠵᠢᠵᠢᠭᠦᠷᠯᠡᠨ ᠰᠠᠬᠢᠵᠤ᠂ ᠭᠠᠯ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ | ᠣᠶᠢᠯᠠᠭᠠᠨ ᠡᠵᠡᠮᠰᠢᠪᠡ᠃ ᠭᠠᠯ ᠭᠠᠷᠤᠮᠠᠭᠴᠠ ᠴᠠᠭ ᠲᠤᠬᠠᠢ ᠲᠤᠨᠢ ᠣᠯᠵᠤ ᠮᠡᠳᠡᠨ᠂ ᠴᠠᠭ ᠲᠤᠬᠠᠢ ᠳᠤ ᠨᠢ | ᠮᠡᠳᠡᠭᠦᠯᠵᠦ᠂ ᠴᠠᠭ ᠲᠤᠬᠠᠢ ᠳᠤ ᠨᠢ ᠰᠢᠢᠳᠪᠦᠷᠢᠯᠡᠵᠦ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ᠂ | ᠲᠤᠰᠬᠠᠯ ᠲᠦᠷᠭᠡᠨ᠂ ᠵᠣᠬᠢᠴᠠᠭᠤᠯᠭ᠎ᠠ ᠨᠢ ᠬᠦᠴᠦᠲᠡᠢ᠂ ᠰᠢᠢᠳᠪᠦᠷᠢᠯᠡᠬᠦ ᠨᠢ ᠡᠷᠡᠰ ᠰᠢᠭᠤᠷᠬᠠᠢ ᠪᠠᠶᠢᠬᠤ ᠶᠢ ᠦᠨᠡᠨᠬᠦ | ᠪᠠᠳᠤᠯᠠᠨ᠎ᠠ᠃ | |