ᠪᠠᠶᠠᠨᠮᠠᠩᠬ᠎ᠠ ᠰᠤᠮᠤ ︽ᠬᠠᠪᠤᠷ ᠤᠨ ᠲᠠᠷᠢᠶᠠᠯᠠᠭ᠎ᠠ ᠶᠢᠨ ᠵᠢᠷᠤᠭ︾ ᠢ ᠵᠢᠷᠤᠵᠤ ︽ᠡᠯᠪᠡᠭ ᠬᠤᠷᠢᠶᠠᠯᠲᠠ ᠶᠢᠨ ᠦᠵᠡᠮᠵᠢ︾ ᠶᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/4/8
   ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠴᠠᠭ ᠲᠣᠬᠢᠶᠠᠯ ᠢᠶᠠᠷ ᠪᠠᠶᠠᠨᠮᠠᠩᠬ᠎ᠠ ᠰᠤᠮᠤ ᠲᠠᠷᠢᠶᠠᠨ ᠠᠵᠢᠯ ᠢ ᠵᠠᠪᠳᠤᠨ ᠠᠳᠬᠤᠬᠤ ᠦᠶ᠎ᠡ ᠳᠤ᠂ ᠲᠠᠷᠢᠶᠠᠨ ᠭᠠᠵᠠᠷ ᠲᠤ ᠬᠦᠷ ᠬᠥᠭᠵᠢᠶᠡᠨ ᠲᠠᠢ ᠶᠠᠭᠠᠷᠠᠯᠲᠠᠢ ᠪᠠᠶᠢᠳᠠᠯ ᠢᠯᠡᠷᠡᠵᠡᠢ᠃  ᠬᠠᠳᠤᠪᠴᠢ ᠭᠠᠴᠠᠭ᠎ᠠ ᠳᠤ᠂ ᠲᠠᠷᠢᠶᠠᠴᠢᠨ ᠡᠷᠦᠬᠡ ᠰᠣᠶᠠᠯᠲᠤ ᠶᠢᠨ ᠢᠳᠡᠰᠢᠨ ᠨᠣᠭᠤᠭᠠᠨ ᠤ ᠬᠦᠯᠡᠮᠵᠢ ᠳᠤ ᠨᠣᠭᠤᠭᠠᠨ ᠥᠩᠭᠡ ᠪᠠᠷ ᠪᠢᠯᠬᠠᠵᠤ᠂ ᠨᠣᠭᠤᠭ᠎ᠠ ᠵᠢᠮᠢᠰ ᠤᠨ ᠤᠷᠭᠤᠴᠠ ᠨᠢ ᠬᠥᠮᠥᠨ ᠤ ᠰᠡᠳᠬᠢᠯ ᠢ ᠪᠠᠶᠠᠰᠬᠠᠨ᠎ᠠ᠃  ︽ᠪᠢ ᠨᠢᠭᠡᠨᠲᠡ ᠭᠦᠵᠡᠯᠵᠡᠭᠡᠨ᠎ᠡ  ᠶᠢᠨ ᠲᠥᠪᠡᠳ ᠬᠠᠰᠢ  ᠶᠢᠨ ᠴᠢᠬᠢ  ᠶᠢ 2700᠂ ᠥᠷᠭᠡᠰᠦᠲᠦ ᠬᠡᠮᠬᠡ   ᠶᠢᠨ ᠴᠢᠬᠢ  ᠶᠢ 2500᠂ ᠯᠠᠵᠤᠤ  ᠶᠢᠨ ᠴᠢᠬᠢ  ᠶᠢ 800 ᠬᠤᠳᠠᠯᠳᠤᠨ ᠠᠪᠤᠭᠰᠠᠨ ᠪᠥᠭᠡᠳ 400 ᠺᠢᠯᠣᠭ᠍ᠷᠠᠮ ᠰᠦᠯᠢᠶᠥᠦ ᠪᠦᠷᠬᠦᠪᠴᠢ᠂ 30 ᠭᠠᠷᠤᠢ ᠲᠣᠨ ᠡᠯ᠎ᠡ ᠵᠦᠢᠯ ᠤᠨ ᠪᠣᠷᠳᠣᠭᠤᠷ  ᠢ ᠨᠥᠭᠡᠴᠡᠯᠡᠵᠦ᠂ ᠪᠡᠯᠡᠳᠬᠡᠯ ᠪᠠᠷᠠᠭ᠎ᠠ   ᠶᠢ ᠭᠦᠢᠴᠡᠳ ᠬᠠᠩᠭᠠᠵᠤ᠂ ᠰᠤᠮᠤᠨ ᠤ ᠮᠡᠷᠭᠡᠵᠢᠯᠲᠡᠳ ᠤᠨ ᠵᠢᠯᠣᠭᠤᠳᠤᠯᠭ᠎ᠠ ᠳᠣᠣᠷ᠎ᠠ ᠦᠷ᠎ᠡ ᠪᠣᠯᠣᠨ ᠪᠣᠷᠳᠣᠭᠤᠷ ᠤᠨ ᠶᠠᠰᠤ ᠴᠢᠨᠠᠷ  ᠢ ᠴᠢᠩᠭ᠎ᠠ ᠨᠢᠮᠪᠠᠢ ᠰᠢᠯᠢᠨ ᠰᠣᠩᠭᠤᠵᠤ᠂ ᠡᠨᠡ ᠵᠢᠯ ᠰᠠᠶᠢᠨ ᠬᠤᠷᠢᠶᠠᠯᠲᠠ ᠣᠯᠬᠤ   ᠶᠢ ᠪᠠᠲᠤᠯᠠᠭᠰᠠᠨ ᠪᠠᠶᠢᠨ᠎ᠠ︾ ᠭᠡᠵᠦ ᠰᠤᠶᠤᠯᠲᠦ ᠬᠡᠯᠡᠪᠡ᠃    ᠬᠠᠪᠤᠷ ᠤᠨ ᠲᠠᠷᠢᠶᠠᠯᠠᠭ᠎ᠠ ᠶᠢ ᠪᠡᠯᠡᠳᠬᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠤᠷᠢᠳᠠᠪᠠᠷ ᠬᠡᠷᠡᠭᠯᠡᠨ᠎ᠡ᠃ ᠣᠶᠢᠷ᠎ᠠ ᠶᠢᠨ ᠡᠳᠦᠷ ᠤᠳ ᠲᠤ᠂ ᠰᠤᠮᠤ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯᠲᠠᠳ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠣᠷᠤᠯᠠᠭᠤᠯᠭ᠎ᠠ ᠶᠢᠨ ᠳᠡᠯᠭᠡᠭᠦᠷ ᠲᠤ ᠭᠦᠨᠵᠡᠭᠡᠶᠢᠷᠡᠵᠦ᠂ ᠲᠠᠷᠢᠶᠠᠨ ᠦᠷ᠎ᠡ᠂ ᠲᠠᠷᠢᠶᠠᠨ ᠡᠮ᠂ ᠬᠢᠮᠢ ᠶᠢᠨ ᠪᠣᠷᠳᠣᠭᠤᠷ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠤ ᠲᠣᠭᠤᠷᠢᠨ ᠳᠤ ᠬᠠᠤᠯᠢ ᠬᠡᠷᠡᠭᠵᠢᠭᠦᠯᠦᠯᠲᠡ ᠶᠢᠨ ᠲᠤᠰᠬᠠᠢ ᠪᠠᠶᠢᠴᠠᠭᠠᠯᠲᠠ ᠥᠷᠨᠢᠭᠦᠯᠵᠦ᠂ ᠪᠠᠷᠠᠭ᠎ᠠ ᠣᠷᠣᠭᠤᠯᠬᠤ ᠶᠠᠰᠤ ᠴᠢᠨᠠᠷ ᠤᠨ ᠪᠣᠭᠤᠮᠲᠠ᠂ ᠪᠣᠷᠣᠯᠠᠭᠤᠯᠬᠤ ᠪᠣᠭᠤᠮᠲᠠ᠂ ᠬᠠᠳᠠᠭᠠᠯᠠᠬᠤ ᠪᠣᠭᠤᠮᠲᠠ ᠶᠢ ᠴᠢᠩᠭ᠎ᠠ ᠠᠳᠬᠤᠵᠤ᠂ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ ᠶᠢᠨ ᠲᠥᠷᠥᠯ ᠵᠦᠢᠯ ᠪᠦᠷᠢᠨ᠂ ᠲᠤᠭ᠎ᠠ ᠬᠡᠮᠵᠢᠶ᠎ᠡ ᠭᠦᠢᠴᠡᠳ᠂ ᠶᠠᠰᠤ ᠴᠢᠨᠠᠷ ᠰᠠᠶᠢᠨ᠂ ᠦᠨ᠎ᠡ ᠬᠠᠩᠰᠢ ᠲᠣᠭᠲᠠᠭᠤᠨ᠂ ᠦᠢᠯᠡᠴᠢᠯᠡᠭᠡ ᠰᠠᠶᠢᠨ ᠪᠠᠶᠢᠬᠤ ᠶᠢ ᠪᠠᠲᠤᠯᠠᠵᠤ᠂ ᠲᠠᠷᠢᠶᠠᠴᠢᠨ ᠡᠷᠦᠬᠡ ᠶᠢᠨ ᠬᠠᠪᠤᠷ ᠤᠨ ᠲᠠᠷᠢᠶᠠᠯᠠᠭ᠎ᠠ ᠶᠢ ᠨᠠᠩ ᠰᠠᠨᠠᠭ᠎ᠠ ᠠᠮᠤᠷ᠂ ᠨᠠᠩ ᠰᠠᠨᠠᠭ᠎ᠠ ᠠᠮᠤᠷ ᠪᠣᠯᠭᠠᠪᠠ᠃    ᠬᠠᠪᠤᠷ ᠤᠨ ᠲᠠᠷᠢᠶᠠᠯᠠᠭ᠎ᠠ ᠶᠢ ᠪᠡᠯᠡᠳᠬᠡᠬᠦ ᠳᠤ ᠲᠠᠷᠢᠶᠠᠯᠠᠩ ᠤᠨ ᠮᠠᠰᠢᠨ ᠢᠶᠠᠷ ᠭᠤᠣᠯ ᠪᠣᠯᠭᠠᠨ᠎ᠠ᠃ ᠬᠠᠪᠤᠷ ᠤᠨ ᠠᠭᠤᠷ ᠣᠷᠣᠭᠰᠠᠨ ᠤ ᠳᠠᠷᠠᠭ᠎ᠠ᠂ ᠪᠠᠶᠠᠨᠮᠠᠩᠬ᠎ᠠ ᠰᠤᠮᠤ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠥᠷᠲᠡᠭᠡᠨ ᠤ ᠠᠵᠢᠯᠲᠠᠳ ᠠᠶᠢᠯ ᠡᠷᠦᠬᠡ ᠳᠤ ᠬᠦᠷᠴᠦ ᠰᠤᠷᠪᠤᠯᠵᠢᠯᠠᠬᠤ ᠬᠡᠯᠪᠡᠷᠢ ᠪᠠᠷ ᠲᠠᠷᠢᠶᠠᠴᠢᠨ ᠡᠷᠦᠬᠡ ᠶᠢ ᠬᠠᠪᠰᠤᠷᠤᠨ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠢ ᠪᠠᠶᠢᠴᠠᠭᠠᠨ ᠵᠠᠰᠠᠬᠤ᠂ ᠲᠤᠷᠰᠢᠨ ᠲᠣᠬᠢᠷᠠᠭᠤᠯᠬᠤ᠂ ᠬᠠᠮᠠᠭᠠᠯᠠᠬᠤ᠂ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠮᠠᠰᠢᠨ ᠤ ︽ᠡᠷᠡᠭᠦᠯ︾ ᠠᠵᠢᠯ ᠤᠨ ᠪᠠᠶᠢᠷᠢ ᠳᠤ ᠭᠠᠷᠬᠤ ᠶᠢ ᠪᠠᠲᠤᠯᠠᠵᠤ᠂ ᠲᠡᠳᠡᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠠᠬᠢ ︽ᠭᠤᠣᠯ ᠬᠦᠴᠦᠨ︾ ᠤ ᠦᠢᠯᠡᠳᠦᠯ ᠢ ᠭᠦᠢᠴᠡᠳ ᠪᠠᠳᠠᠷᠠᠭᠤᠯᠪᠠ᠃ ︽ᠪᠢᠳᠡ ᠡᠷᠲᠡᠬᠡᠨ ᠬᠥᠳᠡᠯᠦᠯᠴᠡᠵᠦ᠂ ᠲᠠᠷᠢᠶᠠᠴᠢᠨ ᠡᠷᠦᠬᠡ  ᠶᠢ ᠬᠠᠪᠰᠤᠷᠤᠨ ᠲᠠᠷᠢᠶᠠᠯᠠᠩ ᠤᠨ ᠮᠠᠰᠢᠨ ᠪᠠᠭᠠᠵᠢ  ᠶᠢ ᠪᠠᠶᠢᠴᠠᠭᠠᠨ ᠵᠠᠰᠠᠵᠤ᠂ ᠰᠠᠭᠠᠳ ᠲᠣᠳᠬᠠᠷ  ᠢ ᠴᠠᠭ ᠲᠤᠬᠠᠢ ᠳᠤᠨᠢ ᠠᠷᠢᠯᠭᠠᠵᠤ᠂ ᠬᠠᠪᠤᠷ ᠤᠨ ᠲᠠᠷᠢᠶᠠᠯᠠᠭ᠎ᠠ  ᠶᠢᠨ ᠮᠠᠰᠢᠨ ᠪᠠᠭᠠᠵᠢ  ᠶᠢ ᠬᠠᠮᠤᠭ ᠤᠨ ᠰᠠᠶᠢᠨ ᠪᠠᠶᠢᠳᠠᠯ ᠳᠤ ᠣᠷᠣᠭᠤᠯᠵᠤ᠂ ᠬᠠᠪᠤᠷ ᠤᠨ ᠲᠠᠷᠢᠶᠠᠯᠠᠭ᠎ᠠ  ᠶᠢᠨ ᠦᠢᠯᠡᠳᠪᠦᠷᠢᠯᠡᠯ  ᠢ ᠬᠠᠮᠠᠭᠠᠯᠠᠵᠤ ᠪᠠᠶᠢᠨ᠎ᠠ︾ ᠭᠡᠵᠦ ᠪᠠᠶᠠᠨᠮᠠᠩᠬ᠎ᠠ ᠰᠤᠮᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠥᠷᠲᠡᠭᠡᠨ ᠤ ᠳᠠᠷᠤᠭ᠎ᠠ ᠰᠤᠶᠤᠯᠲᠦ ᠬᠡᠯᠡᠪᠡ᠃    ᠬᠠᠪᠤᠷ ᠤᠨ ᠲᠠᠷᠢᠶᠠᠯᠠᠭ᠎ᠠ ᠶᠢ ᠪᠡᠯᠡᠳᠬᠡᠬᠦ ᠳᠤ ᠮᠡᠷᠭᠡᠵᠢᠯ ᠢᠶᠠᠷ ᠦᠨᠳᠦᠰᠦ ᠪᠣᠯᠭᠠᠨ᠎ᠠ᠃ ᠲᠠᠷᠢᠶᠠᠴᠢᠨ ᠡᠷᠦᠬᠡ ᠶᠢ ᠬᠠᠪᠰᠤᠷᠤᠨ ᠴᠠᠭ ᠲᠤᠨᠢ ᠲᠣᠬᠢᠷᠠᠭᠤᠯᠤᠨ ᠳᠠᠷᠢᠵᠤ᠂ ᠰᠢᠨᠵᠢᠯᠡᠬᠦ ᠤᠬᠠᠭᠠᠨᠴᠢ ᠪᠠᠷ ᠳᠠᠷᠢᠬᠤ ᠶᠢᠨ ᠲᠥᠯᠥᠭᠡ᠂ ᠪᠠᠶᠠᠨᠮᠠᠩᠬ᠎ᠠ ᠰᠤᠮᠤ ᠪᠣᠯᠪᠠᠰᠤᠷᠠᠯ ᠤᠨ ᠠᠩᠭᠢ᠂ ︽ᠭᠡᠷ ᠤᠨ ᠡᠭᠦᠳᠡ︾ ᠶᠢᠨ ᠵᠣᠭᠤᠭᠳᠠᠬᠤ ᠠᠩᠭᠢ ᠶᠢᠨ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠠᠷ ᠳᠠᠮᠵᠢᠭᠤᠯᠤᠨ᠂ ᠲᠤᠬᠠᠢ ᠶᠢᠨ ᠭᠠᠵᠠᠷ ᠤᠨ ᠨᠠᠷᠠᠲᠠᠢ ︽ᠲᠢᠶᠠᠨ ᠰᠢᠸ ᠼᠠᠢ︾ ︽ᠲᠤᠰᠬᠠᠢ ᠮᠡᠷᠭᠡᠵᠢᠯᠲᠡᠨ︾ ᠢ ᠤᠷᠢᠵᠤ ᠲᠠᠷᠢᠶᠠᠴᠢᠨ ᠡᠷᠦᠬᠡ ᠳᠤ ᠨᠣᠮ ᠰᠤᠳᠤᠷ ᠤᠯᠠᠮᠵᠢᠯᠠᠨ ᠥᠭᠴᠦ ᠪᠠᠶᠢᠨ᠎ᠠ᠃ ︽ᠥᠩᠭᠡᠷᠡᠭᠰᠡᠨ ᠳᠤ ᠪᠢᠳᠡ ᠪᠣᠷᠳᠣᠭᠤᠷ ᠨᠡᠮᠡᠬᠦ ᠳᠡᠭᠡᠨ ᠴᠥᠮ ᠥᠪᠡᠷ  ᠢᠶᠠᠨ ᠰᠦᠪᠡᠭᠴᠢᠯᠡᠨ ᠰᠤᠳᠤᠯᠵᠤ ᠪᠠᠶᠢᠵᠠᠢ᠂ ᠣᠳᠣ ᠪᠢᠳᠡ ᠪᠣᠷᠳᠣᠭᠤᠷ ᠨᠡᠮᠡᠬᠦ ᠳᠡᠭᠡᠨ ᠬᠡᠳᠦᠢ ᠭᠦᠨ ᠨᠡᠮᠡᠬᠦ᠂ ᠦᠷ᠎ᠡ ᠠᠴᠠ ᠬᠡᠳᠦᠢ ᠬᠤᠯᠠ ᠪᠠᠶᠢᠬᠤ᠂ ᠶᠠᠮᠠᠷ ᠶᠠᠩᠵᠤ  ᠶᠢᠨ ᠪᠣᠷᠳᠣᠭᠤᠷ ᠬᠡᠷᠡᠭᠯᠡᠬᠦ  ᠶᠢ ᠣᠯᠠᠨ ᠢᠶᠠᠷ ᠢᠶᠠᠨ ᠰᠤᠳᠤᠯᠤᠨ ᠶᠠᠷᠢᠯᠴᠠᠬᠤ ᠪᠠᠷ ᠳᠡᠮᠵᠢᠨ ᠮᠡᠳᠡᠭᠰᠡᠨ ᠶᠤᠮ᠂ ᠪᠢ ᠡᠨᠡ ᠵᠢᠯ 200 ᠮᠦ ᠣᠷᠴᠢᠮ ᠤᠨ ᠡᠷᠳᠡᠨᠢ ᠰᠢᠰᠢ ᠳᠠᠷᠢᠨ᠎ᠠ᠂ ᠣᠳᠣ ᠪᠣᠯ ᠢᠲᠡᠭᠡᠯ ᠳᠦᠭᠦᠷᠡᠩ ᠪᠠᠶᠢᠨ᠎ᠠ︾ ᠭᠡᠵᠦ ᠬᠡᠯᠡᠪᠡ᠃ ︽ᠪᠢᠳᠡ ᠪᠣᠷᠳᠣᠭᠤᠷ ᠨᠡᠮᠡᠬᠦ ᠳᠡᠭᠡᠨ ᠬᠡᠳᠦᠢ ᠭᠦᠨ ᠨᠡᠮᠡᠬᠦ᠂ ᠦᠷ᠎ᠡ ᠠᠴᠠ ᠬᠡᠳᠦᠢ ᠬᠤᠯᠠ ᠪᠠᠶᠢᠬᠤ᠂ ᠶᠠᠮᠠᠷ ᠶᠠᠩᠵᠤ  ᠶᠢᠨ ᠪᠣᠷᠳᠣᠭᠤᠷ ᠬᠡᠷᠡᠭᠯᠡᠪᠡᠯ ᠵᠣᠬᠢᠬᠤ  ᠶᠢ ᠮᠡᠳᠡᠭᠰᠡᠨ ᠶᠤᠮ᠂ ᠪᠢ ᠡᠨᠡ ᠵᠢᠯ 200 ᠮᠦ ᠣᠷᠴᠢᠮ ᠤᠨ ᠡᠷᠳᠡᠨᠢ ᠰᠢᠰᠢ ᠳᠠᠷᠢᠨ᠎ᠠ᠂ ᠣᠳᠣ ᠪᠣᠯ ᠢᠲᠡᠭᠡᠯ ᠳᠦᠭᠦᠷᠡᠩ ᠪᠠᠶᠢᠨ᠎ᠠ᠃ ᠰᠠᠶᠢᠬᠠᠨ ᠶᠠᠷᠢᠯᠴᠠᠭᠠᠨ ᠳᠤ ᠣᠷᠣᠯᠴᠠᠭᠰᠠᠨ ᠲᠠᠷᠢᠶᠠᠴᠢᠨ ᠡᠷᠦᠬᠡ ᠡᠨᠡ ᠵᠢᠯ ᠤᠨ ︽ᠲᠠᠩᠰᠤᠭ ᠰᠠᠶᠢᠬᠠᠨ ᠦᠵᠡᠮᠵᠢ︾ ᠶᠢ ᠬᠦᠰᠡᠨ ᠡᠷᠡᠮᠡᠯᠵᠡᠵᠦ ᠪᠠᠶᠢᠯ᠎ᠠ᠃    ᠵᠠᠯᠭᠠᠭᠠᠳ᠂ ᠪᠠᠶᠠᠨᠮᠠᠩᠬ᠎ᠠ ᠰᠤᠮᠤ ᠬᠠᠪᠤᠷ ᠤᠨ ᠰᠠᠶᠢᠬᠠᠨ ᠦᠵᠡᠮᠵᠢ ᠶᠢ ᠬᠥᠰᠡᠷᠳᠡᠭᠦᠯᠬᠦ ᠦᠭᠡᠢ ᠢᠳᠡᠪᠬᠢᠲᠡᠢ ᠣᠪᠣᠷ ᠢᠶᠠᠷ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠯᠡᠵᠦ᠂ ᠥᠷᠭᠡᠨ ᠣᠯᠠᠨ ᠲᠠᠷᠢᠶᠠᠴᠢᠨ ᠡᠷᠦᠬᠡ ᠲᠠᠢ ᠬᠠᠮᠲᠤ ᠪᠠᠷ ᠬᠠᠪᠤᠷ ᠤᠨ ᠲᠠᠷᠢᠶᠠᠯᠠᠭ᠎ᠠ ᠳᠤ ᠣᠷᠣᠯᠴᠠᠵᠤ᠂ ᠬᠦᠰᠡᠯ ᠡᠷᠡᠮᠡᠯᠵᠡᠯ ᠤᠨ ᠳᠤᠮᠳᠠ ᠡᠨᠡ ᠵᠢᠯ ᠤᠨ ︽ᠡᠯᠪᠡᠭ ᠬᠤᠷᠢᠶᠠᠯᠲᠠ ᠶᠢᠨ ᠦᠵᠡᠮᠵᠢ︾ ᠶᠢ ᠬᠠᠮᠲᠤ ᠪᠠᠷ ᠪᠣᠶᠢᠵᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号