︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ | ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ | ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠤᠯᠭᠠᠵᠤ᠂ | ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠤᠬᠠᠭᠤᠯᠵᠤ ᠦᠨᠳᠦᠰᠦᠨ ᠱᠠᠲᠤᠨ ᠳᠤ ᠪᠠᠭᠤᠯᠭᠠᠬᠤ ᠶᠢ | ᠦᠵᠡᠯ ᠰᠠᠨᠠᠭᠠᠨ ᠤ ᠠᠤᠭ᠎ᠠ ᠬᠦᠴᠦᠨ ᠢ ᠣᠶᠢᠯᠠᠭᠠᠬᠤ ᠴᠢᠬᠤᠯᠠ ᠠᠷᠭ᠎ᠠ ᠵᠠᠮ ᠪᠣᠯᠭᠠᠬᠤ ᠶᠢ ᠪᠠᠷᠢᠮᠲᠠᠯᠠᠵᠤ᠂ | ᠣᠶᠢᠷ᠎ᠠ ᠶᠢᠨ ᠬᠤᠭᠤᠴᠠᠭᠠᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ ᠶᠢᠨ | ᠨᠢᠭᠡᠳᠦᠮᠡᠯ ᠹᠷᠣᠨᠲ ᠤᠨ ᠬᠡᠯᠲᠡᠰ ᠲᠦᠷᠦᠭᠦᠯᠡᠨ ᠤᠬᠠᠭᠤᠯᠤᠨ ᠲᠠᠶᠢᠯᠪᠤᠷᠢᠯᠠᠬᠤ ᠪᠦᠯᠬᠦᠮ ᠵᠣᠬᠢᠶᠠᠨ ᠪᠠᠶᠢᠭᠤᠯᠵᠤ᠂ | ᠪᠥᠬᠦ ᠬᠤᠰᠢᠭᠤᠨ ᠤ ᠡᠯ᠎ᠡ ᠰᠤᠮᠤ ᠪᠠᠯᠭᠠᠰᠤᠨ ᠳᠤ ᠭᠦᠨᠵᠡᠭᠡᠶᠢᠷᠡᠨ ︽ᠨᠠᠮ ᠤᠨ ᠠᠴᠢ ᠶᠢ ᠮᠡᠳᠡᠷᠡᠵᠦ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ | ᠦᠨᠳᠦᠰᠦᠨ ᠱᠠᠲᠤᠨ ᠤ ᠠᠵᠢᠯᠯᠠᠭ᠎ᠠ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠪᠡ᠃ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠨᠠᠷ ᠭᠤᠣᠯ ᠰᠡᠳᠦᠪ ᠭᠤᠣᠯ ᠰᠢᠵᠢᠮ ᠢᠶᠠᠷ | ᠬᠢᠴᠢᠶᠡᠯ ᠢᠶᠠᠨ ᠰᠠᠶᠢᠲᠤᠷ ᠪᠡᠯᠡᠳᠬᠡᠵᠦ᠂ ᠣᠯᠠᠨ ᠲᠦᠮᠡᠨ ᠤ ᠰᠣᠨᠣᠰᠬᠤ ᠳᠤᠷᠠᠲᠠᠢ ᠦᠭᠡ ᠶᠠᠷᠢᠶ᠎ᠠ ᠶᠢ ᠬᠡᠷᠡᠭᠯᠡᠵᠦ᠂ | ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠦᠢᠯᠡᠳᠪᠦᠷᠢᠯᠡᠯ᠂ ᠠᠮᠢᠳᠤᠷᠠᠯ᠂ ᠦᠵᠡᠯ ᠰᠠᠨᠠᠭᠠᠨ ᠤ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ | ᠲᠣᠳᠣᠷᠬᠠᠢ ᠶᠠᠷᠢᠵᠤ᠂ ᠭᠦᠨ ᠭᠦᠨᠵᠡᠭᠡᠢ ᠪᠥᠭᠡᠳ ᠬᠠᠯᠠᠭᠤᠨ ᠢᠶᠠᠷ ᠤᠬᠠᠭᠤᠯᠤᠨ ᠲᠠᠶᠢᠯᠪᠤᠷᠢᠯᠠᠵᠤ᠂ ᠤᠳᠠᠭ᠎ᠠ | ᠳᠠᠷᠠᠭᠠᠯᠠᠨ ᠭᠦᠨᠵᠡᠭᠡᠢ ᠪᠥᠭᠡᠳ ᠠᠮᠢᠳᠤᠯᠢᠭ ᠢᠶᠠᠷ ᠲᠠᠶᠢᠯᠪᠤᠷᠢᠯᠠᠵᠤ᠂ ᠦᠨᠳᠦᠰᠦᠲᠡᠨ ᠨᠦᠭᠦᠳ ᠤᠨ ᠤᠯᠠᠨ | ᠲᠦᠮᠡᠨ ᠳᠤ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ | ᠣᠶᠢᠯᠠᠭᠠᠭᠤᠯᠵᠤ᠂ ︽ᠲᠦᠷᠪᠡᠨ ᠤᠬᠠᠮᠰᠠᠷ︾ ᠢ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠎ᠡ᠃ ᠡᠭᠦᠨ ᠤ ᠬᠠᠮᠲᠤ ᠪᠠᠰᠠ ︽ᠤᠯᠤᠰ ᠤᠨ ᠬᠡᠦᠬᠡᠳ︾ ᠪᠢᠴᠢᠯ | ᠸᠢᠳᠢᠤ᠋᠂ ᠪᠥᠬᠦ ᠠᠶᠢᠮᠠᠭ ᠤᠨ ᠠᠷᠠᠳ ᠲᠤ ᠠᠰᠢᠭ ᠬᠦᠷᠲᠡᠭᠡᠬᠦ ᠣᠷᠣᠭᠤᠯᠤᠯᠲᠠ ᠶᠢᠨ ᠲᠤᠰᠬᠠᠢ ᠰᠡᠳᠦᠪᠲᠦ | ᠤᠬᠠᠭᠤᠯᠭ᠎ᠠ ᠶᠢᠨ ᠹᠢᠯᠢᠮ ︽ᠰᠡᠳᠬᠢᠯ ᠢ ᠳᠤᠯᠠᠭᠠᠴᠠᠭᠤᠯᠬᠤ ᠲᠠᠩᠰᠠ ᠠᠷᠠᠳ ᠤᠨ ᠠᠮᠢᠳᠤᠷᠠᠯ ᠤᠨ ᠰᠡᠳᠬᠢᠯᠭᠡ︾ | ᠵᠡᠷᠭᠡ ᠶᠢ ᠵᠣᠬᠢᠶᠠᠨ ᠪᠠᠶᠢᠭᠤᠯᠤᠨ ᠦᠵᠡᠵᠦ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ | ᠭᠡᠷ ᠪᠦᠯᠢ ᠳᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠪᠦᠯᠬᠦᠮᠳᠡᠨ ᠲᠡᠮᠡᠴᠡᠵᠦ᠂ ᠬᠠᠮᠲᠤ ᠪᠠᠷ ᠪᠠᠶᠠᠵᠢᠨ ᠴᠢᠨᠡᠭᠡᠯᠢᠭᠵᠢᠵᠦ᠂ ᠬᠠᠮᠲᠤ ᠪᠠᠷ ᠢᠷᠡᠭᠡᠳᠦᠢ ᠪᠠᠨ ᠴᠣᠭᠴᠠᠯᠠᠬᠤ ᠶᠢ | ᠠᠬᠢᠭᠤᠯᠪᠠ᠃ | ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠢᠭᠡᠳᠦᠮᠡᠯ ᠹᠷᠣᠨᠲ ᠤᠨ | ᠰᠢᠰᠲ᠋ᠧᠮ ᠤᠨ ᠬᠢᠨ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠣᠨᠣᠪᠴᠢᠲᠠᠶ᠂ ᠲᠤᠭᠤᠷᠠᠲᠠᠯ᠎ᠠ᠂ ᠭᠦᠨᠵᠡᠭᠡᠢ ᠶᠠᠷᠢᠵᠤ᠂ ᠨᠠᠮ ᠤᠨ ᠰᠢᠨ᠎ᠡ ᠶᠢ ᠡᠭᠦᠳᠬᠦ ᠣᠨᠣᠯ ᠢ ᠪᠥᠬᠦ ᠬᠤᠰᠢᠭᠤᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠤᠯᠠᠮᠵᠢᠯᠠᠨ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠴᠤ ᠪᠠᠶᠢᠭᠠᠳ ᠤᠭ | ᠰᠠᠨᠠᠭ᠎ᠠ ᠪᠠᠨ ᠮᠠᠷᠲᠠᠯ ᠦᠭᠡᠢ ᠪᠠᠷ ᠨᠠᠮ ᠤᠨ ᠠᠴᠢ ᠶᠢ ᠮᠡᠳᠡᠷᠡᠭᠦᠯᠵᠦ᠂ ᠨᠠᠮ ᠤᠨ ᠦᠭᠡ ᠶᠢ ᠭᠤᠶᠢᠪᠢᠰᠢ ᠦᠭᠡᠢ ᠪᠠᠷ | ᠰᠣᠨᠣᠰᠴᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠬᠤ ᠪᠣᠯᠭᠠᠨ᠎ᠠ᠃ | |