ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ 2024 ᠣᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠬᠢᠯᠡᠯᠲᠡ ᠶᠢᠨ ᠬᠤᠷᠠᠯ ᠵᠢᠴᠢ ᠭᠠᠳᠠᠭᠠᠳᠤ ᠶᠢᠨ ᠠᠵᠢᠯ ᠲᠥᠷᠥᠯ ᠤᠨ ᠪᠠᠶᠢᠴᠠᠭᠠᠯᠲᠠ ᠶᠢᠨ ᠥᠯᠢᠭᠡᠷ ᠠᠪᠬᠤ ᠪᠣᠯᠪᠠᠰᠤᠷᠠᠭᠤᠯᠤᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/4/8
   ᠣᠶᠢᠷ᠎ᠠ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ 2024 ᠣᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠡᠬᠢᠯᠡᠯᠲᠡ ᠶᠢᠨ ᠬᠤᠷᠠᠯ ᠵᠢᠴᠢ ᠭᠠᠳᠠᠭᠠᠳᠤ ᠶᠢᠨ ᠠᠵᠢᠯ ᠲᠥᠷᠥᠯ ᠤᠨ ᠪᠠᠶᠢᠴᠠᠭᠠᠯᠲᠠ ᠶᠢᠨ ᠥᠯᠢᠭᠡᠷ ᠠᠪᠬᠤ ᠪᠣᠯᠪᠠᠰᠤᠷᠠᠭᠤᠯᠤᠯ ᠤᠨ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠭᠤᠷᠪᠠᠨ ᠵᠦᠢᠯ ᠤᠨ ᠲᠦᠭᠡᠮᠡᠯᠵᠢᠭᠦᠯᠦᠯᠲᠡ ᠶᠢᠨ ᠠᠯᠪᠠᠨ ᠭᠡᠷ ᠤᠨ ᠮᠡᠷᠭᠡᠵᠢᠯ ᠤᠨ ᠬᠠᠷᠢᠭᠤᠴᠠᠯᠭᠠᠲᠠᠨ ᠭᠤᠣ ᠹᠠᠨ ᠱᠧᠨ᠂ ᠥᠪᠡᠷᠲᠡᠭᠡᠨ ᠵᠠᠰᠠᠬᠤ ᠣᠷᠣᠨ ᠤ ᠭᠤᠷᠪᠠᠨ ᠲᠦᠭᠡᠮᠡᠯᠵᠢᠭᠦᠯᠦᠯᠲᠡ ᠶᠢᠨ ᠠᠯᠪᠠᠨ ᠭᠡᠷ ᠤᠨ ᠮᠡᠷᠭᠡᠵᠢᠯ ᠢᠶᠠᠷ ᠬᠢᠴᠢᠶᠡᠯᠯᠡᠬᠦ ᠪᠠᠭᠰᠢ ᠮᠠ ᠱᠠᠩ ᠹᠧᠢ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠠᠶᠢᠮᠠᠭ ᠤᠨ ᠭᠤᠷᠪᠠᠨ ᠲᠦᠭᠡᠮᠡᠯᠵᠢᠭᠦᠯᠦᠯᠲᠡ ᠶᠢᠨ ᠠᠯᠪᠠᠨ ᠭᠡᠷ ᠤᠨ ᠳᠡᠳ᠋ ᠡᠷᠬᠢᠯᠡᠭᠴᠢ ᠵᠠᠩ  ᠶᠢᠨ ᠰᠥᠸᠧ᠂ ᠠᠶᠢᠮᠠᠭ ᠤᠨ ᠭᠤᠷᠪᠠᠨ ᠲᠦᠭᠡᠮᠡᠯᠵᠢᠭᠦᠯᠦᠯᠲᠡ ᠶᠢᠨ ᠠᠯᠪᠠᠨ ᠭᠡᠷ ᠤᠨ ᠮᠡᠷᠭᠡᠵᠢᠯ ᠤᠨ ᠬᠠᠷᠢᠭᠤᠴᠠᠯᠭᠠᠲᠠᠨ ᠯᠢ ᠸᠧᠨ ᠵᠥᠩ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠲᠤᠬᠠᠶᠢᠯᠠᠭᠰᠠᠨ ᠠᠵᠢᠯᠲᠠᠨ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠳ ᠬᠤᠷᠠᠯ ᠳᠤ ᠣᠷᠣᠯᠴᠠᠵᠠᠢ᠃    ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠯᠢᠦ ᠰᠢᠶᠣᠣ ᠱᠧᠩ ᠨᠥᠬᠦᠷ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠨ ᠵᠦᠢᠯ ᠢ ᠲᠦᠭᠡᠮᠡᠯᠵᠢᠭᠦᠯᠬᠦ ᠠᠯᠪᠠᠨ ᠭᠡᠷ ᠤᠨ ᠮᠡᠷᠭᠡᠵᠢᠯ ᠤᠨ ᠬᠠᠷᠢᠭᠤᠴᠠᠯᠭᠠᠲᠠᠨ ᠭᠤᠤ ᠤᠷᠪᠠᠵᠤ ᠭᠤᠷᠪᠠᠨ ᠵᠦᠢᠯ ᠢ ᠲᠦᠭᠡᠮᠡᠯᠵᠢᠭᠦᠯᠬᠦ ᠲᠦᠷᠦ ᠶᠢᠨ ᠪᠣᠳᠣᠯᠭ᠎ᠠ ᠪᠣᠯᠣᠨ ᠠᠵᠢᠯ ᠤᠨ ᠭᠤᠣᠯᠳᠠᠯᠭ᠎ᠠ ᠶᠢᠨ ᠲᠤᠬᠠᠢ ᠲᠠᠶᠢᠯᠤᠮᠵᠢ ᠬᠢᠵᠡᠢ᠃ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠠᠶᠢᠮᠠᠭ ᠤᠨ ᠭᠤᠷᠪᠠᠨ ᠲᠦᠭᠡᠮᠡᠯᠵᠢᠭᠦᠯᠦᠯᠲᠡ ᠶᠢᠨ ᠠᠯᠪᠠᠨ ᠭᠡᠷ ᠤᠨ ᠳᠡᠳ᠋ ᠡᠷᠬᠢᠯᠡᠭᠴᠢ ᠵᠠᠩ ᠶᠢᠨ ᠰᠥᠸᠧ ᠭᠤᠷᠪᠠᠨ ᠲᠦᠭᠡᠮᠡᠯᠵᠢᠭᠦᠯᠦᠯᠲᠡ ᠶᠢᠨ ᠠᠵᠢᠯ ᠳᠤ ᠴᠢᠬᠤᠯᠠ ᠪᠠᠶᠢᠷᠢᠯᠠᠭᠤᠯᠤᠯᠲᠠ ᠬᠢᠪᠡ᠃    ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠪᠠᠶᠢᠴᠠᠭᠠᠯᠲᠠ ᠪᠣᠯᠣᠨ᠎ᠠ ᠂ ᠬᠥᠷᠥᠰᠥ ᠰᠢᠷᠣᠢ ᠶᠢᠨ ᠶᠠᠰᠤ ᠴᠢᠨᠠᠷ᠂ ᠰᠢᠨᠵᠢ ᠪᠠᠶᠢᠳᠠᠯ ᠪᠠ ᠠᠰᠢᠭᠯᠠᠯᠲᠠ ᠶᠢᠨ ᠪᠠᠶᠢᠳᠠᠯ ᠵᠡᠷᠭᠡ ᠰᠠᠭᠤᠷᠢ ᠲᠤᠭ᠎ᠠ ᠪᠠᠷᠢᠮᠲᠠ ᠶᠢ ᠪᠥᠬᠦ ᠲᠠᠯ᠎ᠠ ᠪᠠᠷ ᠦᠨᠡᠨ ᠪᠣᠳᠠᠲᠠᠢ ᠣᠨᠣᠪᠴᠢᠲᠠᠶ ᠡᠵᠡᠮᠰᠢᠵᠦ᠂ ᠬᠥᠷᠥᠰᠥ ᠰᠢᠷᠣᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠪᠠ ᠭᠠᠵᠠᠷ ᠰᠢᠷᠣᠢ ᠶᠢ ᠠᠷᠪᠢᠯᠠᠨ ᠬᠡᠷᠡᠭᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠪᠥᠬᠦ ᠲᠠᠯ᠎ᠠ ᠪᠠᠷ ᠵᠣᠬᠢᠴᠠᠩᠭᠤᠢ ᠪᠥᠭᠡᠳ ᠦᠷᠭᠦᠯᠵᠢᠯᠡᠨ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠤᠯᠠᠨ ᠢᠶᠠᠷ ᠢᠶᠠᠨ ᠤᠯᠤᠰ ᠲᠦᠷᠦ ᠶᠢᠨ ᠡᠭᠦᠷᠭᠡ ᠪᠣᠯᠣᠨ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠢᠳᠡᠪᠬᠢᠲᠡᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠬᠤᠷᠠᠯ  ᠠᠴᠠ ᠱᠠᠭᠠᠷᠳᠠᠭᠰᠠᠨ ᠨᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2024 ᠣᠨ ᠤ ᠪᠥᠬᠦ ᠤᠯᠤᠰ ᠤᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠣᠰ ᠡᠳᠦᠷ ᠠᠴᠠ ᠡᠬᠢᠯᠡᠨ ᠵᠢᠩᠬᠢᠨᠢ ᠪᠠᠷ ᠡᠬᠢᠯᠡᠭᠦᠯᠵᠦ᠂ 4 ᠰᠠᠷ᠎ᠠ ᠶᠢᠨ 10 ᠤ ᠡᠳᠦᠷ ᠠᠴᠠ ᠡᠮᠦᠨ᠎ᠡ ᠲᠠᠯᠠᠪᠠᠶ ᠳᠤ ᠣᠷᠣᠭᠤᠯᠤᠨ ᠡᠬᠢᠯᠡᠭᠦᠯᠵᠦ᠂ 4 ᠰᠠᠷ᠎ᠠ ᠶᠢᠨ 30 ᠤ ᠡᠳᠦᠷ ᠤᠨ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ 5220 ᠥᠩᠭᠡᠨ ᠳᠠᠪᠬᠤᠷᠭ᠎ᠠ ᠶᠢᠨ ᠥᠯᠢᠭᠡᠷ ᠠᠪᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ᠃ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠳᠡᠯᠭᠡᠷᠡᠭᠦᠯᠬᠦ ᠲᠥᠪ ᠤᠨ ᠪᠥᠬᠦ ᠮᠡᠷᠭᠡᠵᠢᠯ ᠤᠨ ᠠᠵᠢᠯᠲᠠᠳ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠠᠷᠢᠮᠵᠢᠶ᠎ᠠ ᠪᠠ ᠶᠠᠰᠤ ᠴᠢᠨᠠᠷ ᠤᠨ ᠡᠵᠡᠮᠳᠡᠯ ᠤᠨ ᠪᠣᠭᠤᠮᠲᠠ ᠶᠢ ᠴᠢᠩᠭ᠎ᠠ ᠠᠳᠬᠤᠵᠤ᠂ ᠳᠡᠭᠡᠳᠦ ᠱᠠᠲᠤᠨ ᠤ ᠭᠤᠷᠪᠠᠨ ᠡᠩ ᠤᠨ ᠠᠯᠪᠠᠨ ᠭᠡᠷ ᠤᠨ ᠤᠳᠤᠷᠢᠳᠤᠯᠭ᠎ᠠ ᠳᠣᠣᠷ᠎ᠠ᠂ ᠥᠯᠢᠭᠡᠷ ᠠᠪᠬᠤ ᠠᠵᠢᠯ ᠢ ᠲᠣᠭᠲᠠᠭᠰᠠᠨ ᠬᠤᠭᠤᠴᠠᠭᠠᠨ ᠳᠤ ᠶᠠᠰᠤ ᠴᠢᠨᠠᠷ ᠢ ᠪᠠᠲᠤᠯᠠᠨ ᠪᠡᠶᠡᠯᠡᠭᠦᠯᠬᠦ ᠶᠢ ᠪᠠᠳᠤᠯᠠᠬᠤ ᠭᠡᠷᠡᠭᠲᠡᠢ ᠬᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号