4 ᠰᠠᠷ᠎ᠠ ᠶᠢᠨ 7 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ | ᠪᠠᠯᠭᠠᠰᠤᠨ ᠤ ᠮᠠ ᠵᠢᠶᠠ ᠽᠢ ᠭᠠᠴᠠᠭ᠎ᠠ ᠳᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ | ᠨᠡᠶᠢᠳᠡᠮ ᠪᠠᠶᠢᠴᠠᠭᠠᠯᠲᠠ ᠶᠢᠨ ᠭᠠᠳᠠᠷ ᠠᠵᠢᠯ ᠤᠨ ᠪᠠᠶᠢᠴᠠᠭᠠᠯᠲᠠ ᠶᠢᠨ ᠥᠯᠢᠭᠡᠷ ᠠᠪᠬᠤ ᠡᠬᠢᠯᠡᠯᠲᠡ ᠶᠢᠨ ᠶᠣᠰᠣᠯᠠᠯ | ᠶᠠᠪᠤᠭᠤᠯᠬᠤ ᠶᠢᠨ ᠬᠠᠮᠲᠤ ᠲᠤᠬᠠᠢ ᠶᠢᠨ ᠲᠠᠯᠠᠪᠤᠷ ᠤᠨ ᠪᠣᠳᠠᠲᠠᠢ ᠪᠣᠯᠪᠠᠰᠤᠷᠠᠯ ᠤᠨ ᠪᠣᠯᠪᠠᠰᠤᠷᠠᠯ ᠬᠢᠪᠡ᠃ ᠬᠤᠰᠢᠭᠤᠨ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠹᠧᠩ ᠵᠢᠶᠠᠨ ᠵᠥᠩ᠂ ᠬᠤᠰᠢᠭᠤᠨ | ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠳᠠᠷᠤᠭ᠎ᠠ ᠰᠠᠷᠠᠭᠤᠯ᠂ ᠳᠡᠳ᠋ ᠳᠠᠷᠤᠭ᠎ᠠ ᠯᠢᠦ ᠰᠢᠶᠣᠣ | ᠱᠧᠩ᠂ ᠬᠤᠰᠢᠭᠤᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠲᠤᠰᠬᠠᠢ ᠠᠩᠭᠢ ᠶᠢᠨ ᠠᠵᠢᠯᠲᠠᠨ ᠵᠢᠴᠢ ᠡᠯ᠎ᠡ ᠰᠤᠮᠤ ᠪᠠᠯᠭᠠᠰᠤ ᠶᠢᠨ ᠬᠤᠪᠢᠳᠠᠨ | ᠬᠠᠮᠢᠶᠠᠷᠬᠤ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠪᠣᠯ ᠨᠢᠭᠡ | ᠤᠳᠠᠭᠠᠨ ᠤ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠪᠠᠶᠢᠴᠠᠭᠠᠯᠲᠠ ᠮᠥᠨ᠂ ᠡᠨᠡ ᠨᠢ ᠬᠥᠷᠥᠰᠥ | ᠰᠢᠷᠣᠢ ᠶᠢᠨ ᠶᠠᠰᠤ ᠴᠢᠨᠠᠷ ᠢ ᠪᠥᠬᠦ ᠲᠠᠯ᠎ᠠ ᠪᠠᠷ ᠦᠨᠡᠨ ᠪᠣᠳᠠᠲᠠᠢ ᠣᠨᠣᠪᠴᠢᠲᠠᠶ ᠡᠵᠡᠮᠰᠢᠵᠦ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠬᠥᠷᠥᠰᠥ ᠰᠢᠷᠣᠢ ᠶᠢᠨ | ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠮᠠᠨ ᠤ ᠬᠤᠰᠢᠭᠤᠨ ᠤ ᠬᠥᠷᠥᠰᠥ ᠰᠢᠷᠣᠢ ᠶᠢᠨ ᠲᠥᠷᠥᠯ ᠬᠡᠯᠪᠡᠷᠢ ᠵᠢᠴᠢ | ᠲᠠᠷᠬᠠᠯᠲᠠ ᠶᠢᠨ ᠵᠢᠮ᠎ᠡ ᠬᠠᠤᠯᠢ ᠶᠢ ᠪᠠᠶᠢᠴᠠᠭᠠᠨ ᠲᠣᠳᠣᠷᠬᠠᠶᠢᠯᠠᠵᠤ᠂ ᠬᠥᠷᠥᠰᠥ ᠰᠢᠷᠣᠢ ᠶᠢᠨ ᠡᠬᠢ ᠪᠠᠶᠠᠯᠢᠭ ᠤᠨ | ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠪᠠᠶᠢᠳᠠᠯ ᠢ ᠪᠠᠶᠢᠴᠠᠭᠠᠨ ᠲᠣᠳᠣᠷᠬᠠᠶᠢᠯᠠᠵᠤ᠂ ᠲᠠᠷᠢᠶᠠᠨ ᠭᠠᠵᠠᠷ ᠢ ᠬᠠᠮᠠᠭᠠᠯᠠᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ | ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠬᠤ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ | ᠵᠠᠪᠠᠯ ᠶᠠᠪᠤᠬᠤ ᠵᠠᠮ ᠮᠥᠨ᠃ ᠡᠭᠦᠨ ᠤ ᠬᠠᠮᠲᠤ ᠪᠠᠰᠠ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ | ᠪᠣᠬᠢᠷᠲᠤᠯ ᠢ ᠰᠢᠨᠵᠢᠯᠡᠬᠦ ᠤᠬᠠᠭᠠᠨᠴᠢ ᠪᠠᠷ᠂ ᠤᠨᠢᠨ ᠳᠡᠭᠡᠷ᠎ᠡ ᠨᠢ ᠪᠦᠲᠦᠮᠵᠢᠲᠡᠢ ᠰᠡᠷᠭᠡᠶᠢᠯᠡᠨ ᠵᠠᠰᠠᠵᠤ᠂ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ᠲᠠᠷᠢᠶᠠᠯᠠᠩ ᠤᠨ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠪᠠ ᠴᠢᠨᠠᠷ ᠰᠠᠶᠢᠲᠠᠢ ᠬᠥᠭᠵᠢᠯᠲᠡ ᠶᠢ | ᠲᠦᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ | ᠲᠠᠷᠢᠶᠠᠯᠠᠩ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ | ᠦᠷᠭᠦᠯᠵᠢᠯᠡᠬᠦ ᠬᠥᠭᠵᠢᠯᠲᠡ ᠶᠢ ᠲᠦᠷᠭᠡᠳᠬᠡᠬᠦ ᠳᠤ ᠨᠡᠩ ᠶᠡᠭᠡ ᠣᠷᠣᠨ ᠵᠠᠢ ᠬᠠᠩᠭᠠᠵᠤ ᠴᠢᠳᠠᠨ᠎ᠠ᠃ | ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠪᠠᠰᠠ ᠲᠤᠬᠠᠢ ᠶᠢᠨ ᠲᠠᠯᠠᠪᠠᠢ ᠶᠢᠨ ᠪᠣᠳᠠᠲᠠᠢ ᠪᠣᠯᠪᠠᠰᠤᠷᠠᠯ ᠤᠨ ᠪᠣᠯᠪᠠᠰᠤᠷᠠᠯ | ᠬᠢᠵᠦ᠂ ᠪᠣᠯᠪᠠᠰᠤᠷᠠᠯ ᠨᠢ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠭᠠᠳᠠᠭᠠᠳᠤ ᠦᠢᠯᠡᠰ ᠤᠨ | ᠪᠠᠶᠢᠴᠠᠭᠠᠯᠲᠠ ᠪᠠ ᠦᠯᠢᠭᠡᠷ ᠠᠪᠬᠤ ᠮᠡᠷᠭᠡᠵᠢᠯ ᠤᠨ ᠵᠢᠷᠤᠮᠵᠢᠯ᠂ ᠲᠠᠪᠴᠠᠩ ᠤᠨ ᠠᠵᠢᠯᠯᠠᠭᠠᠨ ᠤ ᠮᠡᠷᠭᠡᠵᠢᠯ ᠤᠨ | ᠵᠢᠷᠤᠮᠵᠢᠯ ᠵᠡᠷᠭᠡ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠵᠦ᠂ ᠭᠠᠳᠠᠭᠠᠳᠤ ᠦᠢᠯᠡᠰ ᠤᠨ ᠪᠠᠶᠢᠴᠠᠭᠠᠯᠲᠠ ᠶᠢᠨ | ᠦᠯᠢᠭᠡᠷ ᠠᠪᠬᠤ ᠳᠤᠮᠳᠠ ᠬᠤᠯᠪᠣᠭᠳᠠᠵᠤ ᠮᠡᠳᠡᠬᠦ ᠪᠣᠳᠠᠲᠠᠢ ᠠᠰᠠᠭᠤᠳᠠᠯ ᠤᠨ ᠲᠤᠬᠠᠢ ᠲᠤᠷᠰᠢᠯᠭ᠎ᠠ ᠪᠠᠨ ᠰᠣᠯᠢᠯᠴᠠᠵᠤ | ᠂ ᠰᠤᠷᠤᠭᠴᠢᠳ ᠲᠤ ᠨᠠᠷᠢᠨ ᠲᠠᠶᠢᠯᠤᠮᠵᠢ ᠬᠢᠬᠦ ᠶᠢᠨ ᠬᠠᠮᠲᠤ ᠮᠠᠳᠠᠭ ᠲᠠᠢ ᠠᠰᠠᠭᠤᠳᠠᠯ ᠢ ᠨᠢ ᠲᠠᠶᠢᠯᠪᠤᠷᠢᠯᠠᠵᠤ ᠥᠭᠴᠡᠢ | ᠃ | ᠣᠳᠣᠬᠠᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠷᠪᠠᠳᠤᠭᠠᠷ ᠤᠳᠠᠭᠠᠨ ᠤ ᠪᠦᠭᠦ | ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠭᠠᠳᠠᠷ ᠠᠵᠢᠯ ᠲᠦᠷᠤᠯ ᠤᠨ | ᠪᠠᠶᠢᠴᠠᠭᠠᠯᠲᠠ ᠶᠢᠨ ᠦᠯᠢᠭᠡᠷ ᠠᠪᠬᠤ ᠡᠩᠨᠡᠭᠡ ᠨᠢᠭᠡᠨᠲᠡ ᠪᠠᠶᠢᠷᠢᠰᠢᠵᠤ᠂ ᠭᠠᠳᠠᠷ ᠠᠵᠢᠯ ᠲᠦᠷᠤᠯ ᠤᠨ | ᠪᠠᠶᠢᠴᠠᠭᠠᠯᠲᠠ ᠶᠢᠨ ᠦᠯᠢᠭᠡᠷ ᠠᠪᠬᠤ ᠠᠵᠢᠯ ᠢ ᠵᠢᠩᠬᠢᠨᠢ ᠪᠠᠷ ᠡᠬᠢᠯᠡᠭᠦᠯᠪᠡ᠂ ᠡᠨᠡ ᠨᠢ ᠮᠠᠨ ᠤ ᠬᠤᠰᠢᠭᠤᠨ ᠤ | ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠡᠮᠦᠨᠡᠬᠢ ᠬᠤᠭᠤᠴᠠᠭᠠᠨ ᠤ ᠪᠡᠯᠡᠳᠬᠡᠯ | ᠱᠠᠲᠤᠨ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠬᠦ ᠱᠠᠲᠤᠨ ᠳᠤ ᠣᠷᠣᠭᠰᠠᠨ ᠢ ᠬᠠᠷᠠᠭᠤᠯᠵᠤ᠂ ᠭᠠᠳᠠᠷ ᠠᠵᠢᠯ | ᠲᠦᠷᠤᠯ ᠤᠨ ᠪᠠᠶᠢᠴᠠᠭᠠᠯᠲᠠ ᠶᠢᠨ ᠦᠯᠢᠭᠡᠷ ᠠᠪᠬᠤ᠂ ᠦᠯᠢᠭᠡᠷ ᠡᠳ᠋ ᠦᠢᠯᠡᠳᠬᠦ ᠪᠠ ᠰᠢᠯᠭᠠᠨ ᠪᠠᠶᠢᠴᠠᠭᠠᠬᠤ ᠵᠢᠴᠢ | ᠦᠷ᠎ᠡ ᠪᠦᠲᠦᠭᠡᠯ ᠢ ᠬᠤᠷᠢᠶᠠᠩᠭᠤᠶᠢᠯᠠᠬᠤ ᠵᠡᠷᠭᠡ ᠠᠵᠢᠯ ᠢ ᠠᠯᠬᠤᠮ ᠠᠯᠬᠤᠮ ᠢᠶᠠᠷ ᠥᠷᠨᠢᠭᠦᠯᠬᠦ ᠪᠠᠷ ᠪᠠᠶᠢᠨ᠎ᠠ᠃ |